ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠪᠠᠷ ᠰᠣᠯᠢᠬᠤ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/6
   ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠶᠡᠬᠡᠪᠡᠷ ᠠᠬᠢᠭᠤᠯᠵᠤ᠂ ᠪᠥᠬᠦ ᠲᠤᠭᠤᠷᠢᠭ ᠤᠨ ᠰᠠᠭᠤᠭᠠᠯᠢ ᠠᠷᠠᠳ ᠲᠤ ᠬᠡᠷᠡᠭᠯᠡᠭᠡ ᠶᠢ ᠠᠬᠢᠭᠤᠯᠬᠤ ᠨᠠᠩ ᠣᠯᠠᠨ ᠪᠣᠳᠠᠲᠤ ᠠᠰᠢᠭ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠶᠠᠳᠠᠭᠤ ᠬᠦᠴᠢᠷᠳᠡᠯᠲᠡᠶ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠶ ᠭᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠲᠤ ᠴᠠᠬᠢᠯᠭᠠᠨ ᠳᠤᠯᠠᠭᠠᠨ᠂ ᠨᠡᠭᠦᠷᠡᠰᠦᠨ ᠬᠡᠢ ᠶᠢᠨ ᠵᠤᠤᠬ᠎ᠠ ᠬᠦᠷᠭᠡᠵᠦ᠂ ᠲᠡᠳᠡᠨ ᠢ ᠬᠠᠪᠰᠤᠷᠤᠨ ᠳᠤᠯᠠᠭᠠᠨ ᠪᠦᠯᠢᠶᠡᠨ ᠡᠪᠦᠯ ᠢ ᠦᠩᠭᠡᠷᠡᠭᠦᠯᠪᠡ᠃ ᠲᠤᠬᠠᠶ ᠶᠢᠨ ᠲᠠᠯᠠᠪᠠᠶ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠣᠷᠣᠯᠴᠠᠬᠤ ᠠᠷᠭ᠎ᠠ ᠮᠠᠶ᠋ᠢᠭ ᠪᠠ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ᠂ ᠷᠠᠳᠢᠣ᠋ ᠨᠡᠪᠲᠡᠷᠡᠭᠦᠯᠭᠡ᠂ ᠰᠢᠨ᠎ᠡ ᠵᠠᠭᠤᠴᠢᠯᠠᠭᠤᠷ ᠪᠠ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠬᠤ ᠵᠡᠷᠭᠡ ᠬᠡᠯᠪᠡᠷᠢ ᠪᠠᠷ ᠤᠬᠠᠭᠤᠯᠭ᠎ᠠ ᠬᠢᠵᠦ᠂ ᠠᠵᠢᠯᠯᠠᠭ᠎ᠠ ᠶᠢ ᠣᠶᠢᠯᠠᠭᠠᠬᠤ ᠨᠣᠷᠮ᠎ᠠ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠵᠦ᠂ ᠬᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠪᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠢᠯᠯᠠᠭ᠎ᠠ ᠶᠢᠨ ᠲᠥᠰᠦᠯ ᠪᠠ ᠬᠡᠷᠡᠭᠵᠢᠭᠦᠯᠬᠦ ᠶᠠᠪᠤᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠪᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1