ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ︽ᠡᠷᠡᠭᠦᠯ ᠮᠡᠨᠳᠦ ᠶᠢᠨ ᠠᠶᠠᠯᠠᠯ ᠳᠤ ᠬᠦᠴᠦᠨ ᠨᠡᠮᠡᠷᠢᠯᠡᠬᠦ ︾ ᠲᠣᠮᠣ ᠪᠠᠷᠠᠭᠠᠨ ᠤ ᠲᠡᠷᠭᠡᠨ ᠵᠢᠯᠣᠭᠤᠴᠢ ᠶᠢᠨ ᠰᠦᠯᠵᠢᠶᠡᠨ ᠭᠠᠳᠠᠨ᠎ᠠ ᠨᠡᠶᠢᠳᠡᠮ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/6
   ᠣᠶᠢᠷ᠎ᠠ ᠳᠤ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ︽ᠡᠷᠡᠭᠦᠯ ᠮᠡᠨᠳᠦ ᠳᠤ ᠬᠦᠴᠦᠨ ᠨᠡᠮᠡᠷᠢᠯᠡᠬᠦ︾ ᠲᠣᠮᠣ ᠪᠠᠷᠠᠭᠠᠨ ᠤ ᠲᠡᠷᠭᠡᠨ ᠵᠢᠯᠣᠭᠤᠴᠢ ᠶᠢᠨ ᠰᠦᠯᠵᠢᠶᠡᠨ ᠭᠠᠳᠠᠨᠠᠬᠢ ᠲᠦᠭᠡᠮᠡᠯ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠠᠭᠠᠨ ᠤ ᠲᠡᠷᠭᠡ ᠶᠢᠨ ᠵᠢᠯᠣᠭᠤᠴᠢ ᠠᠵᠢᠯᠲᠠᠳ ᠲᠤ ᠳ᠋ᠦᠩ ᠾᠧ ᠲᠣᠭᠤᠷᠢᠭ ᠤᠨ ᠠᠵᠢᠯᠴᠢᠨ ᠤ ᠰᠣᠶᠣᠯ ᠤᠨ ᠣᠷᠳᠣᠨ ᠤ ᠪᠡᠶ᠎ᠡ ᠴᠢᠭᠢᠷᠠᠭᠵᠢᠭᠤᠯᠬᠤ ᠺᠠᠷᠲ ᠢ ᠬᠦᠷᠭᠡᠵᠦ᠂ ᠬᠤᠯᠪᠣᠭᠳᠠᠯ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠮᠤ ᠪᠠᠷᠠᠭᠠᠨ ᠤ ᠲᠡᠷᠭᠡ ᠶᠢᠨ ᠵᠢᠯᠣᠭᠤᠴᠢ ᠨᠠᠷ ᠲᠤ ᠪᠣᠳᠠᠰ ᠤᠨ ᠳᠡᠮᠵᠢᠯᠭᠡ ᠪᠣᠯᠤᠨ ᠡᠷᠡᠭᠦᠯ ᠮᠡᠨᠳᠦ ᠶᠢᠨ ᠬᠠᠯᠠᠮᠵᠢᠯᠠᠯ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠨᠢᠭᠤᠷᠳᠠᠨ ᠶᠠᠷᠢᠯᠴᠠᠬᠤ ᠪᠠᠷ ᠳᠠᠮᠵᠢᠭᠤᠯᠵᠤ᠂ ᠲᠡᠳᠡᠨ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠪᠣᠯᠤᠨ ᠬᠦᠨᠳᠦᠳᠬᠡᠯ ᠢ ᠭᠦᠨᠵᠡᠭᠡᠢ ᠮᠡᠳᠡᠷᠡᠭᠦᠯᠵᠡᠢ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠡᠯ᠎ᠡ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠪᠠᠷᠠᠭᠠᠨ ᠤ ᠲᠡᠷᠭᠡᠨ ᠵᠢᠯᠣᠭᠤᠴᠢ ᠳᠤ ᠨᠠᠩ ᠰᠢᠯᠢᠳᠡᠭ ᠠᠵᠢᠯ ᠪᠠ ᠠᠮᠢᠳᠤᠷᠠᠯ ᠤᠨ ᠨᠥᠬᠦᠴᠡᠯ ᠢ ᠴᠢᠷᠮᠠᠶᠢᠨ ᠡᠭᠦᠳᠴᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠵᠢᠯ ᠲᠥᠷᠥᠯ ᠤᠨ ᠲᠣᠭᠲᠠᠭᠤᠨ ᠢᠶᠠᠷ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1