ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠶ᠎ᠡ | — ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ | ᠲᠤᠭᠤᠰᠢᠯᠠᠭᠤᠯᠬᠤ ᠲᠤᠬᠠᠢ ᠥᠭᠦᠯᠡᠬᠦ ᠨᠢ | ᠬᠥᠭᠡᠭᠡᠴᠡᠯᠳᠦᠵᠦ ᠪᠠᠶᠢᠭ᠎ᠠ ᠨᠢ ᠬᠥᠭᠵᠢᠯᠲᠡ᠂ ᠡᠷᠬᠢᠮᠯᠡᠵᠦ ᠪᠠᠶᠢᠭ᠎ᠠ ᠨᠢ ᠬᠠᠮᠲᠤ ᠶᠢᠨ ᠢᠯᠠᠯᠲᠠ᠂ ᠳᠠᠮᠵᠢᠭᠤᠯᠵᠤ | ᠪᠠᠶᠢᠭ᠎ᠠ ᠨᠢ ᠢᠲᠡᠭᠡᠯ ᠪᠣᠯᠣᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ | ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠳᠠᠪᠰᠢᠯᠲᠠ ᠶᠢᠨ ᠯᠣᠭᠢᠭ ᠲᠤ ᠨᠡᠶᠢᠴᠡᠨ᠎ᠡ᠃ | 12 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ | ᠵᠠᠮ︾ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ | ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠯᠡᠬᠦ | ᠦᠨᠳᠦᠷᠴᠡ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠣᠯᠤᠭᠰᠠᠨ ᠴᠢᠬᠤᠯᠠ ᠶᠡᠭᠡ | ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠬᠢᠵᠦ᠂ ︽ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠨᠡᠩ ᠭᠡᠭᠡᠨ ᠰᠠᠷᠠᠭᠤᠯ | ᠢᠷᠡᠭᠡᠳᠦᠢ ᠶᠢ ᠨᠡᠭᠡᠭᠡᠬᠦ ᠬᠡᠷᠡᠭᠲᠡᠢ︾ ᠭᠡᠵᠦ ᠴᠢᠬᠤᠯᠠᠴᠢᠯᠠᠪᠠ᠃ | 2013 ᠣᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ | ᠡᠭᠦᠳᠦᠯᠲᠡ ᠶᠢᠨ ᠴᠢᠨᠠᠷᠲᠠᠢ ᠳᠤᠷᠠᠳᠤᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ | ᠵᠠᠷᠴᠢᠮ ᠣᠨᠣᠯᠵᠢᠬᠤᠨ᠂ ᠬᠠᠷᠠᠯᠲᠠ ᠡᠭᠦᠷᠭᠡ᠂ ᠠᠷᠭ᠎ᠠ ᠵᠠᠮ ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠵᠦ᠂ ︽ᠨᠢᠭᠡ ᠪᠦᠰᠡ ᠨᠢᠭᠡ ᠵᠠᠮ︾ ᠤᠨ ᠬᠠᠮᠲᠤ ᠪᠠᠷ ᠪᠦᠳᠦᠭᠡᠨ ᠪᠠᠶᠢᠭᠤᠯᠬᠤ ᠶᠢ ᠬᠦᠨᠵᠡᠭᠡᠶᠢᠷᠡᠭᠦᠯᠦᠨ | ᠪᠣᠲᠠᠲᠠᠶᠢᠵᠢᠭᠤᠯᠬᠤ ᠲᠡᠶᠢᠰᠢ ᠬᠦᠳᠦᠯᠦᠨ ᠵᠢᠯᠣᠭᠤᠳᠪᠠ᠃ 11 ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠳᠤ ᠡᠩᠬᠡ ᠲᠠᠶᠢᠪᠤᠩ ᠬᠠᠮᠲᠤᠷᠠᠯᠴᠠᠭ᠎ᠠ᠂ ᠨᠡᠭᠡᠭᠡᠯᠲᠡᠲᠦ ᠪᠠᠭᠲᠠᠭᠠᠮᠵᠢᠲᠠᠢ᠂ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠢᠯᠠᠬᠤ ᠲᠣᠷᠭᠠᠨ ᠵᠠᠮ ᠤᠨ ᠵᠣᠷᠢᠭ ᠰᠠᠨᠠᠭ᠎ᠠ ᠶᠢ | ᠢᠮᠠᠭᠲᠠ ᠪᠠᠷᠢᠮᠲᠠᠯᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠬᠦᠷᠲᠡᠬᠦ ᠵᠠᠷᠴᠢᠮ ᠢ ᠢᠮᠠᠭᠲᠠ | ᠪᠠᠷᠢᠮᠲᠠᠯᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠬᠠᠮᠲᠤᠷᠠᠯᠴᠠᠭᠠᠨ ᠤ ᠬᠡᠪᠴᠢᠶ᠎ᠡ ᠪᠠᠨ | ᠲᠠᠰᠤᠷᠠᠯᠲᠠ ᠦᠭᠡᠢ ᠶᠡᠬᠡᠰᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠳᠡᠯᠡᠬᠡᠢ ᠨᠡᠶᠢᠲᠡ ᠶᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠢᠶᠠᠨ ᠲᠠᠰᠤᠷᠠᠯᠲᠠ | ᠦᠭᠡᠢ ᠴᠢᠩᠭᠠᠷᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠬᠢᠵᠦ ᠡᠬᠢᠯᠡᠭᠰᠡᠨ ᠤ ᠲᠠᠷᠠᠭ᠎ᠠ ᠳᠤᠷᠠᠳᠤᠭᠰᠠᠨ | ᠠᠩᠬᠠᠳᠠᠭᠴᠢ ᠪᠦᠬᠦ ᠪᠥᠮᠪᠥᠷᠴᠡᠭ ᠤᠨ ᠴᠢᠨᠠᠷᠲᠠᠢ᠂ ᠦᠷᠭᠡᠨ ᠬᠡᠪᠴᠢᠶᠡᠨ ᠤ᠂ ᠪᠦᠬᠦ ᠲᠠᠯ᠎ᠠ ᠶᠢᠨ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠨᠢ ᠨᠢᠭᠡᠨᠲᠡ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠦᠷᠢᠶ᠎ᠡ ᠪᠠᠷ | ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠪᠠᠶᠢᠭ᠎ᠠ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠲᠠᠪᠴᠠᠩ ᠪᠤᠯᠵᠤ᠂ ᠤᠯᠤᠰ ᠯᠤᠭ᠎ᠠ ᠶᠢᠨ ᠨᠥᠬᠦᠷᠯᠡᠯ ᠢ ᠵᠤᠵᠠᠭᠠᠳᠬᠠᠵᠤ᠂ ᠤᠯᠤᠰ ᠯᠤᠭ᠎ᠠ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ | ᠬᠤᠪᠢ ᠨᠡᠮᠡᠷᠢ ᠭᠠᠷᠭᠠᠪᠠ᠃ | ᠠᠷᠪᠠᠨ ᠨᠢᠭᠡᠨ ᠵᠢᠯ ᠤᠨ ᠲᠤᠷᠰᠢᠳᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠨᠢ | ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠣᠶ ᠪᠣᠯᠭᠠᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ | ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ᠃ ᠪᠢᠳᠡ ︽ᠨᠢᠭᠡ ᠪᠦᠰᠡ ᠨᠢᠭᠡ ᠵᠠᠮ | ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠵᠤ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠵᠤ᠂ ᠣᠯᠠᠩᠬᠢ ᠤᠯᠤᠰ ᠪᠠ ᠭᠠᠵᠠᠷ ᠣᠷᠣᠨ ᠯᠤᠭ᠎ᠠ ᠬᠤᠶᠠᠷ | ᠲᠠᠯ᠎ᠠ ᠵᠢᠴᠢ ᠣᠷᠣᠨ ᠪᠦᠰᠡ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ | 150 ᠭᠠᠷᠤᠢ ᠤᠯᠤᠰ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ | ᠬᠠᠮᠲᠤᠷᠠᠯᠴᠠᠬᠤ ᠬᠠᠨᠢᠲᠠᠳ ᠤᠨ ᠬᠠᠷᠢᠯᠴᠠᠭᠠᠨ ᠤ ᠲᠣᠣᠷ ᠢᠶᠠᠨ ᠲᠠᠰᠤᠷᠠᠯᠲᠠ ᠦᠭᠡᠢ ᠥᠷᠭᠡᠳᠭᠡᠪᠠ᠃ ᠣᠷᠣᠨ ᠪᠦᠰᠡ ᠶᠢᠨ | ᠨᠡᠭᠡᠭᠡᠯᠲᠡ ᠶᠢ ᠭᠦᠨᠵᠡᠭᠡᠶ ᠠᠬᠢᠭᠤᠯᠵᠤ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ ᠬᠦᠴᠦᠯᠡᠨ | ᠰᠢᠯᠢᠳᠡᠭᠵᠢᠭᠦᠯᠵᠦ᠂ ᠲᠡᠯᠡᠶ ᠳᠠᠭᠠᠤ ᠣᠷᠣᠨ ᠢᠶᠠᠷ ᠨᠡᠭᠡᠭᠡᠯᠲᠡ ᠬᠢᠬᠦ ᠬᠢᠭᠡᠳ ᠳᠣᠲᠣᠭᠠᠳᠤ ᠬᠠᠭᠤᠷᠠᠶ ᠶᠢᠨ ᠬᠢᠯᠢ ᠳᠠᠭᠠᠤ | ᠨᠡᠭᠡᠭᠡᠯᠲᠡ ᠬᠢᠬᠦ ᠶᠢ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠂ ᠳᠣᠲᠣᠭᠠᠳᠤ ᠬᠠᠭᠤᠷᠠᠶ ᠶᠢᠨ ᠪᠠ | ᠳᠠᠯᠠᠢ ᠳᠠᠭᠠᠤ ᠶᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠠᠯᠠᠨ ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ | ᠬᠤᠤᠰ ᠴᠢᠭᠯᠡᠯ ᠢᠶᠠᠷ ᠲᠤᠰᠠᠯᠠᠯᠴᠠᠭᠰᠠᠨ ᠪᠥᠬᠦ ᠲᠠᠯ᠎ᠠ ᠪᠠᠷ ᠨᠡᠭᠡᠭᠡᠯᠲᠡ ᠬᠢᠬᠦ ᠲᠥᠯᠥᠪ ᠪᠠᠶᠢᠳᠠᠯ ᠢ ᠪᠣᠶ ᠪᠣᠯᠭᠠᠪᠠ᠃ 30 | ᠤᠯᠤᠰ ᠪᠠ ᠭᠠᠵᠠᠷ ᠣᠷᠣᠨ ᠯᠤᠭ᠎ᠠ ᠴᠢᠯᠥᠭᠡᠲᠦ ᠠᠷᠠᠯᠵᠢᠶᠠᠨ ᠤ 23 ᠵᠥᠪᠯᠡᠯᠴᠡᠭᠡᠷ ᠲᠤ ᠭᠠᠷ ᠤᠨ ᠦᠰᠦᠭ | ᠵᠢᠷᠤᠭᠰᠠᠨ ᠠᠴᠠ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠥᠭᠡᠲᠦ ᠠᠷᠠᠯᠵᠢᠶᠠᠨ ᠤ | ᠣᠷᠣᠨ ᠤ ᠲᠣᠣᠷ ᠢ ᠯᠠᠪᠳᠠᠭᠤᠨ ᠢᠶᠠᠷ ᠥᠷᠭᠡᠳᠬᠡᠬᠦ ᠬᠦᠷᠲᠡᠯ᠎ᠡ᠂ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢᠨ | ᠨᠠᠵᠠᠭᠠᠢ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠳᠤᠮᠳᠠᠳᠤ ᠤᠯᠤᠰ ᠯᠤᠭ᠎ᠠ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠤᠨ 100% ᠶᠢᠨ ᠭᠠᠶᠢᠯᠢ ᠶᠢᠨ ᠲᠦᠷᠦᠯ ᠤᠨ | ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠡᠯᠲᠦᠷᠢᠭᠦᠯᠬᠦ ᠬᠠᠷᠠᠭᠠᠯᠵᠠᠯ ᠣᠯᠭᠤᠬᠤ ᠬᠦᠷᠲᠡᠯ᠎ᠡ ᠁ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ | ᠡᠭᠦᠳᠡ ᠶᠠᠪᠤᠬᠤ ᠲᠤᠲᠤᠮ ᠶᠡᠬᠡᠰᠴᠦ᠂ ᠨᠡᠭᠡᠭᠡᠯᠲᠡ ᠪᠠ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠣᠷᠣᠨ ᠵᠠᠢ ᠶᠢ | ᠡᠭᠦᠳᠪᠡ᠃ | | ᠺᠠᠮᠪᠤᠵᠠ ᠶᠢᠨ ᠺᠠᠮᠫᠣᠩ ᠰᠫᠧᠦ᠋ ᠮᠤᠵᠢ ᠳᠤ ᠰᠡᠭᠦᠳᠡᠷᠯᠡᠭᠰᠡᠨ ᠶᠢᠨ ᠭᠠᠩ ᠲᠦᠷᠭᠡᠨ ᠤ ᠵᠠᠰᠠᠮᠠᠯ ᠵᠠᠮ᠃ ᠰᠢᠨᠬᠤᠸᠠ | ᠬᠤᠷᠢᠶ᠎ᠠ ᠨᠡᠶᠢᠲᠡᠯᠡᠪᠡ ︵ᠺᠠᠮᠪᠤᠵᠠ ᠶᠢᠨ ᠶᠢᠨ ᠭᠠᠩ ᠲᠦᠷᠭᠡᠨ ᠤ ᠵᠠᠮ ᠤᠨ ᠬᠢᠵᠠᠭᠠᠷᠲᠤ ᠺᠣᠮᠫᠠᠨᠢ ᠶᠢᠨ ᠬᠠᠩᠭᠠᠭᠰᠠᠨ ᠵᠢᠷᠤᠭ︶ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠡᠭᠦᠰᠦᠯ ᠲᠠᠢ᠂ | ᠬᠠᠷᠢᠨ ᠲᠡᠭᠦᠨ ᠤ ᠦᠷ᠎ᠡ ᠪᠦᠲᠦᠭᠡᠯ ᠪᠠ ᠠᠵᠠ ᠲᠣᠬᠢᠶᠠᠯ ᠨᠢ ᠳᠡᠯᠡᠬᠡᠢ ᠨᠡᠶᠢᠲᠡ ᠶᠢᠨ ᠬᠢ ᠶᠤᠮ᠂ 11 ᠵᠢᠯ ᠤᠨ ᠲᠤᠷᠰᠢᠳᠠ | ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠨᠢ ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯ | ᠴᠡᠴᠡᠭᠯᠡᠯ ᠢ ᠠᠬᠢᠭᠤᠯᠬᠤ ᠳᠤ ᠭᠡᠭᠡᠨ ᠰᠠᠷᠠᠭᠤᠯ ᠢᠷᠡᠭᠡᠳᠦᠢ ᠲᠠᠢ ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ᠂ ᠪᠦᠬᠦ | ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭ᠎ᠠ ᠶᠢᠨ ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ | ᠤᠷᠤᠭᠰᠢᠯᠠᠬᠤ ᠴᠢᠭᠯᠡᠯ ᠲᠡᠶᠢᠰᠢ ᠬᠥᠲᠥᠯᠥᠨ ᠳᠠᠭᠠᠭᠤᠯᠵᠠᠢ᠃ ᠪᠢᠳᠡ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠᠷ ᠭᠤᠣᠯ ᠰᠢᠵᠢᠮ ᠪᠣᠯᠭᠠᠨ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠬᠢᠭᠡᠳ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠵᠢᠵᠢᠭ ᠪᠣᠯᠪᠠᠴᠤ ᠭᠤᠶᠢᠳᠠ︾ ᠲᠦᠷᠦᠯ ᠵᠦᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠪᠦᠲᠦᠭᠡᠨ | ᠪᠠᠶᠢᠭᠤᠯᠬᠤ ᠤᠯᠤᠰ ᠯᠤᠭ᠎ᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠴᠢᠬᠤᠯᠠ ᠬᠤᠪᠢ | ᠨᠡᠮᠡᠷᠢ ᠭᠠᠷᠭᠠᠵᠠᠢ᠃ ᠶᠠᠺᠠᠷᠲ᠋ᠠ — ᠪᠠᠨᠳᠤᠩ ᠲᠦᠷᠭᠡᠨ ᠤ ᠲᠡᠮᠦᠷ ᠵᠠᠮ ᠨᠢ ᠵᠡᠭᠦᠨ ᠡᠮᠦᠨᠡᠲᠦ ᠠᠽᠢᠶ᠎ᠠ ᠳᠤ ᠲᠦᠷᠭᠡᠨ ᠤ | ᠲᠡᠮᠦᠷ ᠵᠠᠮ ᠲᠠᠢ ᠪᠣᠯᠭᠠᠵᠤ᠂ ᠳᠤᠮᠳᠠᠳᠤ ᠯᠠᠤᠰ ᠤᠨ ᠲᠡᠮᠦᠷ ᠵᠠᠮ ᠨᠢ ᠯᠠᠤᠰ ᠢ ︽ᠡᠬᠡ ᠬᠠᠭᠤᠷᠠᠢ ᠶᠢᠨ ᠲᠦᠭᠵᠢᠮᠡᠯ ᠤᠯᠤᠰ︾ | ᠪᠠᠶᠢᠭᠰᠠᠨ ᠠᠴᠠ ᠨᠢ ︽ᠡᠬᠡ ᠬᠠᠭᠤᠷᠠᠢ ᠶᠢᠨ ᠬᠤᠯᠪᠣᠭᠠᠲᠤ ᠤᠯᠤᠰ︾ ᠪᠣᠯᠬᠤ ᠳᠤ ᠬᠦᠴᠦᠨ ᠨᠡᠮᠡᠷᠢᠯᠡᠪᠡ᠂ ᠴᠢᠶᠠᠨ ᠺᠠᠢ | ᠭᠠᠷᠠᠮ ᠨᠢ ᠡᠮᠦᠨᠡᠲᠦ ᠠᠮᠧᠷᠢᠺᠠ ᠳᠠᠬᠢ ᠠᠩᠬᠠᠳᠠᠭᠴᠢ ᠣᠶᠤᠨᠲᠤ ᠭᠠᠷᠠᠮ ᠪᠠ ᠪᠣᠬᠢᠷᠲᠤᠯ ᠦᠭᠡᠢ ᠭᠠᠷᠠᠮ ᠪᠣᠯᠪᠠ᠂ ᠮᠤᠮᠪᠠᠰᠠ | — ᠨᠠᠶᠢᠷᠤᠪᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ ᠪᠠᠶᠢᠷᠢ | ᠬᠠᠩᠭᠠᠵᠠᠢ ᠁ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠡᠨᠡ ᠬᠦ ︽ᠵᠣᠯ | ᠵᠢᠷᠭᠠᠯ ᠤᠨ ᠵᠠᠮ︾ ᠶᠠᠪᠤᠬᠤ ᠳᠤᠳᠤᠮ ᠥᠷᠭᠡᠵᠢᠵᠦ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠤ ᠪᠠᠨ ᠳᠡᠯᠡᠬᠡᠢ ᠳ᠋ᠠᠬᠢᠨ ᠢ | ᠪᠠᠭᠲᠠᠭᠠᠬᠤ ᠶᠢᠷᠲᠢᠨᠴᠦ ᠶᠢᠨ ᠦᠵᠡᠯᠲᠡ ᠶᠢ ᠪᠠᠷᠢᠮᠲᠠᠯᠠᠨ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠦᠢᠯᠰᠢᠷᠠᠭᠰᠠᠨ᠂ ᠲᠦᠭᠡᠮᠡᠯ ᠠᠰᠢᠭ ᠬᠦᠷᠲᠡᠭᠡᠭᠰᠡᠨ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠬᠦᠴᠦᠲᠡᠢ ᠠᠬᠢᠭᠤᠯᠪᠠ᠃ | ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠨ ᠤᠷᠤᠭᠰᠢᠯᠠᠬᠤ ᠶᠢᠨ ᠲᠥᠯᠥᠭᠡ ᠶᠤᠮ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠳᠡᠯᠡᠬᠡᠢ ᠳ᠋ᠠᠬᠢᠨ ᠯᠤᠭ᠎ᠠ ᠠᠵᠠ | ᠲᠣᠬᠢᠶᠠᠯ ᠢ ᠬᠠᠮᠲᠤ ᠪᠠᠷ ᠬᠦᠷᠲᠡᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠷᠠᠭᠤᠯ ᠳᠠᠷᠳᠠᠩ ᠵᠠᠮ ᠮᠥᠨ᠂ ᠬᠠᠮᠲᠤ ᠪᠠᠷ | ᠴᠡᠴᠡᠭᠯᠡᠨ ᠬᠥᠭᠵᠢᠬᠦ ᠠᠵᠠ ᠲᠣᠬᠢᠶᠠᠯ ᠤᠨ ᠵᠠᠮ ᠮᠥᠨ᠂ ᠡᠯ᠎ᠡ ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ ᠮᠥᠨ᠂ | ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ | ᠲᠥᠯᠥᠪ ᠢ ᠴᠣᠭᠴᠠᠯᠠᠨ᠂ ᠬᠥᠮᠥᠨ ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ | ᠲᠤᠭ᠎ᠠ ᠬᠤᠷᠠᠮᠳᠤᠭᠤᠯᠵᠤ ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ᠃ ᠡᠨᠡ ᠬᠦ ᠰᠠᠨᠠᠭᠠᠴᠢᠯᠠᠭ᠎ᠠ ᠨᠢ ᠴᠠᠭ ᠤᠨ | ᠤᠷᠤᠰᠬᠠᠯ ᠢ ᠲᠠᠭᠠᠵᠦ᠂ ᠠᠷᠠᠳ ᠤᠨ ᠰᠡᠳᠬᠢᠯ ᠢ ᠣᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠳᠡᠯᠡᠬᠡᠢ | ᠳ᠋ᠠᠬᠢᠨ ᠳᠤ ᠠᠰᠢᠭᠲᠠᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠂ ᠥᠷᠨᠢᠭᠦᠨ ᠪᠠᠳᠠᠷᠠᠩᠭᠤᠢ ᠠᠮᠢᠵᠢᠷᠠᠯ ᠤᠨ | ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠃ | ᠲᠡᠦᠬᠡ ᠶᠢᠨ ᠶᠡᠭᠡ ᠬᠠᠨᠳᠤᠰᠢ ᠶᠢ ᠠᠮᠵᠢᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠨ | ᠠᠯᠤᠰ ᠢ ᠵᠣᠷᠢᠨᠠᠮ᠃ ᠣᠳᠣᠬᠠᠨ ᠤ ᠳᠡᠯᠡᠬᠡᠢ ᠳ᠋ᠠᠬᠢᠨ ᠳᠤ ᠦᠢᠮᠡᠭᠡᠨ ᠰᠠᠮᠠᠭᠤᠨ ᠰᠣᠯᠪᠢᠴᠠᠵᠤ᠂ ᠵᠠᠭᠤᠨ ᠵᠢᠯ ᠳᠤ | ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠪᠠᠰᠠ ᠨᠢᠭᠡ ᠤᠳᠠᠭ᠎ᠠ | ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ᠃ ︽ᠴᠠᠭ ᠤᠨ ᠪᠠᠶᠢᠳᠠᠯ ᠪᠢᠳᠡᠨ ᠳᠤ ᠠᠰᠢᠭᠲᠠᠢ︾ ᠪᠠᠶᠢᠯᠳᠤᠬᠤ | ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ︽ᠭᠥᠭᠯᠡᠷᠡᠭᠰᠡᠨ ᠡᠭᠦᠯᠡᠰ ᠬᠤᠶᠢᠯᠠᠷᠠᠨ ᠥᠩᠭᠡᠷᠡᠪᠡᠴᠦ ᠲᠠᠶᠢᠪᠤᠭᠤ | ᠬᠡᠪ ᠢᠶᠠᠷ ᠢᠶᠠᠨ ᠰᠡᠭᠦ᠋ᠢᠬᠦ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠᠨ ᠡᠷᠡᠰ ᠭᠤᠶᠢᠪᠢᠰᠢ ᠦᠭᠡᠢ ᠠᠬᠢᠭᠤᠯᠪᠠᠯ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠨᠢ ᠯᠠᠪᠲᠠᠢ ᠪᠤᠢ ᠶᠠ᠃ | |