ᠾᠧ ᠳ᠋ᠦᠩ ᠪᠠᠯᠭᠠᠰᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/9
   ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠾᠧ ᠳ᠋ᠦᠩ ᠪᠠᠯᠭᠠᠰᠤ ᠶᠢᠨ  ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ᠬᠠᠮᠲᠤᠪᠠᠷ ᠪᠠᠶᠢᠯᠳᠤᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠳᠠᠬᠢᠨᠲᠠ ᠪᠤᠢ ᠪᠣᠯᠭᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃
   ᠲᠣᠰ ᠠᠵᠢᠯ ᠢ  ᠦᠳᠲᠦᠷ ᠲᠦᠷᠭᠡᠨ ᠨᠠᠶᠢᠳᠠᠪᠤᠷᠢᠵᠢᠭᠤᠯᠬᠤ ᠶᠢᠨ ᠲᠥᠯᠥᠭᠡ᠂ ᠾᠧ ᠳ᠋ᠦᠩ ᠪᠠᠯᠭᠠᠰᠤ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠲᠤᠰᠬᠠᠶ ᠰᠡᠳᠦᠪ ᠢᠶᠠᠷ ᠬᠤᠷᠠᠯᠳᠤᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠠᠷᠠᠯᠲᠠ ᠪᠠᠨ ᠲᠣᠳᠣᠷᠬᠠᠶᠢᠯᠠᠨ᠂ ᠲᠣᠰᠬᠤᠨ ᠤ ᠤᠳᠤᠷᠢᠳᠤᠯᠭ᠎ᠠ ᠬᠠᠮᠤᠭ ᠤᠨ ᠲᠡᠷᠢᠭᠦᠨ ᠳᠤ ᠡᠯ᠎ᠡ ᠲᠣᠰᠬᠤᠨ ᠤ ᠨᠢᠭᠡᠳᠦᠭᠡᠷ ᠹᠷᠣᠨᠲ ᠲᠤ ᠪᠥᠬᠦ ᠲᠠᠯ᠎ᠠ ᠪᠠᠷ ᠭᠦᠨᠵᠡᠭᠡᠶᠢᠷᠡᠨ᠂ ᠬᠥᠮᠦᠨ ᠤ ᠬᠦᠴᠦᠨ ᠢ ᠵᠣᠬᠢᠶᠠᠨ ᠪᠠᠶᠢᠭᠤᠯᠵᠤ᠂ ᠮᠠᠰᠢᠨ ᠳᠣᠭᠢᠷᠠᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 30 ᠮᠠᠰᠢᠨ ᠲᠥᠬᠦᠭᠡᠷᠦᠮᠵᠢ ᠶᠢ ᠬᠥᠳᠡᠯᠭᠡᠵᠦ᠂ 300 ᠭᠠᠷᠤᠶ ᠬᠥᠮᠦᠨ ᠢ ᠳᠠᠶᠢᠴᠢᠯᠠᠨ ᠪᠠᠯᠭᠠᠰᠤᠨ ᠤ ᠬᠡᠪᠴᠢᠶᠡᠨ ᠳᠣᠲᠣᠷᠠᠬᠢ ᠵᠠᠮ᠂ ᠶᠡᠭᠡ ᠵᠡᠭᠡᠯᠢ ᠵᠢᠵᠢᠭ ᠭᠤᠳᠤᠮᠵᠢ ᠵᠢᠴᠢ ᠣᠯᠠᠨ ᠨᠡᠶᠢᠲᠡ ᠶᠢᠨ ᠣᠷᠣᠨ ᠲᠤᠭᠤᠷᠢᠭ  ᠤᠨ ᠬᠤᠭ ᠨᠣᠪᠰᠢ᠂ ᠪᠤᠵᠠᠷ ᠡᠪᠡᠰᠦ ᠵᠢᠴᠢ ᠡᠯ᠎ᠡ ᠵᠦᠢᠯ ᠤᠨ ᠬᠠᠶᠠᠭᠳᠠᠮᠠᠯ ᠬᠠᠭᠤᠴᠢᠨ ᠡᠳ᠋ ᠪᠣᠳᠠᠰ᠂ ᠣᠪᠣᠭᠠᠯᠠᠭᠰᠠᠨ ᠪᠣᠳᠠᠰ ᠵᠡᠷᠭᠡ ᠶᠢ ᠲᠦᠢᠯᠪᠤᠷᠢᠲᠠᠶ ᠴᠡᠪᠡᠷᠯᠡᠨ ᠴᠡᠭᠴᠡᠯᠡᠪᠡ᠃    ᠳᠠᠷᠠᠭᠠᠴᠢ ᠶᠢᠨ ᠠᠯᠬᠤᠮ ᠳᠤ᠂ ᠾᠧ ᠳ᠋ᠦᠩ ᠪᠠᠯᠭᠠᠰᠤ ᠲᠤᠰ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠳᠠᠲᠠᠢ ᠲᠠᠢ ᠤᠶᠠᠯᠳᠤᠭᠤᠯᠵᠤ᠂ ᠴᠡᠭᠴᠡᠯᠡᠨ ᠵᠠᠰᠠᠬᠤ ᠠᠵᠢᠯ ᠢ ᠬᠠᠨᠳᠤᠯᠭᠠᠲᠤ ᠴᠢᠨᠠᠷ᠂ ᠦᠷᠭᠦᠯᠵᠢᠯᠡᠬᠦ ᠴᠢᠨᠠᠷᠲᠠᠢ ᠪᠠᠷ ᠰᠠᠶᠢᠲᠤᠷ ᠥᠷᠨᠢᠭᠦᠯᠵᠦ᠂ ︽ᠪᠦᠬᠦ ᠣᠷᠣᠨ  ᠲᠤᠭᠤᠷᠢᠭ  ᠶᠢ ᠳᠡᠭᠡᠭᠰᠢᠯᠡᠭᠦᠯᠬᠦ︾ ᠳᠡᠭᠡᠷ᠎ᠡ ᠬᠦᠴᠦ ᠲᠠᠯᠪᠢᠵᠤ᠂ ︽ᠪᠠᠶᠢᠩᠭᠤ ᠶᠢᠨ ᠴᠢᠨᠠᠷᠲᠠᠢ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ︾ ᠳᠡᠭᠡᠷ᠎ᠡ ᠬᠦᠴᠦ ᠣᠷᠣᠭᠤᠯᠵᠤ᠂ ᠬᠠᠳᠬᠤᠮᠠᠯ ᠬᠠᠳᠬᠤᠬᠤ ᠡᠷᠳᠡᠮ ᠢᠶᠠᠷ ᠠᠵᠢᠯ ᠤᠨ ᠲᠠᠬᠢᠨ ᠳᠠᠷᠤᠯᠲᠠ ᠨᠡᠮᠡᠵᠦ᠂ ᠦᠷ᠎ᠡ ᠪᠦᠲᠦᠮᠵᠢ ᠶᠢ ᠲᠠᠬᠢᠨ ᠲᠡᠰ ᠳᠡᠪᠰᠢᠭᠦᠯᠬᠦ ᠶᠢ ᠪᠠᠲᠤᠯᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢᠶᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠲᠦᠷ ᠴᠠᠭ ᠤᠨ ᠰᠠᠶᠢᠬᠠᠨ︾ ᠪᠠᠶᠢᠭᠰᠠᠨ ᠠᠴᠠ ︽ᠴᠠᠭ ᠢᠮᠠᠭᠲᠠ ᠰᠠᠶᠢᠬᠠᠨ︾ ᠪᠣᠯᠭᠠᠵᠤ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠠᠬᠢᠭᠤᠯᠬᠤ ᠬᠡᠷᠡᠭᠲᠡᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1