ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠠᠭᠠᠯᠠᠬᠤ ᠳᠤᠮᠳᠠ ᠬᠥᠭᠵᠢᠭᠦᠯᠬᠦ᠂ ᠬᠥᠭᠵᠢᠭᠦᠯᠬᠦ ᠳᠤᠮᠳᠠ ᠬᠠᠮᠠᠭᠠᠯᠠᠬᠤ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠠᠵᠢᠯ ᠢ ᠰᠢᠰᠲ᠋ᠧᠮ ᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠦᠢᠯᠡᠰ ᠤᠨ ᠰᠡᠳᠬᠢᠬᠦᠢ᠂ ᠪᠦᠲᠦᠭᠡᠭᠳᠡᠬᠦᠨ ᠤ ᠰᠡᠳᠬᠢᠬᠦᠢ ᠶᠢ ᠪᠤᠢ ᠪᠣᠯᠭᠠᠵᠤ᠂ ᠬᠠᠭᠤᠴᠢᠨ ᠪᠤᠭᠤᠲᠤ ᠶᠢᠨ ᠪᠠᠷᠠᠭᠤᠨ ᠡᠭᠦᠳᠡᠨ ᠤ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠮᠢᠳᠤᠯᠢᠭ ᠰᠠᠶᠢᠬᠠᠨ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠱᠠᠳᠤ ᠬᠤᠪᠢᠶᠠᠨ ᠲᠦᠷᠦᠯ ᠬᠤᠪᠢᠶᠠᠬᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠯᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠰᠠᠶᠢᠲᠤᠷ ᠠᠳᠬᠤᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠵᠦᠢᠯ ᠳᠠᠷᠠᠭᠠᠯᠠᠨ ᠡᠮᠬᠢᠯᠡᠵᠦ᠂ ᠣᠷᠬᠢᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠣᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠳᠠᠯᠠᠵᠤ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1