2024 ᠣᠨ ᠤ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2024/3/4
     2024 ᠣᠨ ᠤ ᠪᠦᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠪᠠ      ᠦᠨᠡᠨᠴᠢ ᠢᠲᠡᠭᠡᠮᠵᠢ ᠪᠣᠯ ᠣᠶᠤᠨ ᠰᠠᠨᠠᠭᠠᠨ ᠤ ᠭᠡᠷ᠎ᠡ ᠮᠥᠨ᠂ ᠭᠠᠭᠴᠠ ᠬᠦ ᠰᠡᠳᠬᠢᠯ ᠮᠡᠳᠡᠷᠡᠭᠰᠡᠨ ᠨᠢ ᠰᠠᠶ᠋ᠢ ᠠᠵᠢᠯᠯᠠᠭᠠᠨ ᠤ ᠤᠬᠠᠮᠰᠠᠷ ᠪᠣᠯᠤᠨ᠎ᠠ᠃ ᠥᠪᠥᠷ ᠮᠣᠩᠭᠤᠯ ᠤᠨ ᠬᠥᠮᠦᠰ ᠦᠨᠡᠨᠴᠢ ᠱᠢᠳᠤᠷᠭᠤ ᠢᠶᠠᠷ ᠨᠡᠷ᠎ᠡ ᠠᠯᠳᠠᠷᠱᠢᠭᠰᠠᠨ ᠪᠣᠯᠪᠠᠴᠤ᠂ ᠣᠢᠷ᠎ᠠ ᠶᠢᠨ ᠵᠢᠯ ᠤᠨ ᠲᠤᠷᠱᠢ ᠵᠠᠷᠢᠮ ᠬᠥᠮᠦᠨ ᠤ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠨᠢ ᠪᠢᠳᠡᠨ ᠤ ᠳᠦᠷᠢ ᠲᠥᠷᠬᠦ ᠶᠢ ᠬᠠᠷᠠᠯᠠᠬᠤ ᠪᠣᠯᠪᠠᠴᠤ᠂ ᠡᠯ᠎ᠡ ᠦᠨᠳᠦᠰᠦᠲᠡᠨ ᠤ ᠺᠠᠲᠷ ᠣᠯᠠᠨ ᠲᠦᠮᠡᠨ ᠦᠨᠡᠨᠴᠢ ᠢᠲᠡᠭᠡᠮᠵᠢᠲᠡᠢ ᠪᠠᠢᠬᠤ ᠰᠠᠢᠨ ᠤᠯᠠᠮᠵᠢᠯᠠᠯ ᠢᠶᠠᠨ ᠠᠯᠳᠠᠭᠰᠠᠨ ᠦᠭᠡᠢ᠃      ᠪᠢᠳᠡ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠤᠮᠠᠷᠠᠲᠤ ᠬᠢᠯᠢ ᠶᠢᠨ ᠰᠣᠶᠣᠯ ᠢ ᠴᠣᠭᠴᠠᠯᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠳᠤᠮᠳᠠ ᠴᠣᠯᠭᠤᠷᠠᠨ ᠭᠠᠷᠤᠭᠰᠠᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠢᠯᠡᠷᠡᠭᠦᠯᠦᠭᠰᠡᠨ ᠦᠨᠡᠨᠴᠢ ᠢᠲᠡᠭᠡᠮᠵᠢ ᠶᠢᠨ ᠬᠡᠪ ᠴᠢᠨᠠᠷ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠳᠤ ᠪᠠᠭᠲᠠᠭᠠᠭᠰᠠᠨ ᠦᠨᠡᠨᠴᠢ ᠢᠲᠡᠭᠡᠮᠵᠢ ᠶᠢᠨ ᠬᠥᠭᠡᠭᠡᠴᠡᠯᠳᠦᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠤ ᠠᠭᠤᠯᠤᠭᠳᠠᠵᠤ ᠪᠠᠶᠢᠭ᠎ᠠ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠭᠦᠨᠵᠡᠭᠡᠶ ᠠᠭᠤᠳᠠᠯᠵᠤ᠂ ᠴᠢᠰᠤ ᠮᠢᠬ᠎ᠠ ᠲᠠᠢ᠂ ᠠᠮᠢᠳᠤ ᠴᠣᠪᠣᠭᠤᠯᠢᠭ ᠲᠠᠶᠢᠯᠪᠤᠷᠢᠯᠠᠯᠳᠠ ᠬᠢᠵᠦ᠂ ᠥᠪᠥᠷ ᠮᠣᠩᠭᠤᠯ ᠤᠨ ᠬᠥᠮᠦᠰ ᠤᠨ ᠶᠠᠰᠤ ᠴᠢᠨᠠᠷ ᠪᠣᠯᠤᠨ ᠴᠢᠰᠤ ᠮᠢᠬᠠᠨ ᠤ ᠠᠮᠠᠯᠠᠯᠲᠠ ᠪᠠᠨ ᠦᠢᠯᠡᠳᠦᠯᠭᠡᠵᠢᠭᠦᠯᠦᠭᠰᠡᠨ ᠭᠧᠨ ᠢ ᠤᠯᠠᠮ ᠨᠢᠭᠡ ᠠᠯᠬᠤᠮ ᠬᠥᠭᠵᠢᠭᠡᠵᠦ ᠭᠠᠷᠭᠠᠬᠤ ᠬᠡᠷᠡᠭᠲᠡᠶ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠡᠯ᠎ᠡ ᠲᠠᠯ᠎ᠠ ᠳᠤ ᠬᠤᠯᠪᠣᠭᠳᠠᠵᠤ᠂ ᠡᠷᠬᠡᠪᠰᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠨᠢᠭᠡᠪᠦᠷᠢ ᠶᠢ ᠴᠥᠮ ᠬᠠᠮᠢᠶᠠᠷᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠪᠣᠳᠠᠲᠠᠶ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠣᠰ ᠭᠠᠵᠠᠷ ᠣᠷᠣᠨ ᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠪᠣᠭᠤᠮᠲᠠ ᠰᠢᠪᠲᠤᠯᠵᠤ᠂ ᠡᠷᠬᠡᠪᠰᠢ ᠬᠢᠷᠢ ᠲᠡᠩᠴᠡᠭᠰᠡᠨ ︽ᠬᠠᠷᠢᠭᠤᠯᠲᠠ ᠶᠢᠨ ᠬᠠᠭᠤᠳᠠᠰᠤ︾᠎ ᠶᠢ ᠲᠤᠰᠢᠶᠠᠬᠤ ᠬᠡᠷᠡᠭᠲᠡᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1