ᠸᠠᠩ ᠷᠦᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/3/4
     1 ᠰᠠᠷ᠎ᠠ ᠶᠢᠨ 23 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠪᠤᠭᠤᠲᠤ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ - ︿ᠵᠢᠷᠭᠤᠭᠠᠨ ᠦᠭᠡ﹀ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠭᠡᠬᠦ ᠰᠡᠳᠦᠪ ᠢᠶᠠᠷ ᠥᠷᠭᠡᠨ ᠣᠯᠠᠨ ᠪᠠᠭᠰᠢ ᠰᠤᠷᠤᠭᠴᠢᠳ ᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠢᠭᠠᠪᠠ᠃      ᠸᠠᠩ ᠷᠦᠢ ᠨᠠᠷᠢᠨ ᠪᠣᠳᠠᠲᠠᠶ ᠲᠡᠦᠬᠡ ᠶᠢᠨ ᠮᠠᠲ᠋ᠧᠷᠢᠶᠠᠯ᠂ ᠰᠢᠭᠤᠳ ᠠᠵᠢᠭᠯᠠᠯᠲᠠ ᠶᠢᠨ ᠲᠤᠭ᠎ᠠ ᠪᠠᠷᠢᠮᠲᠠ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠪᠠ ᠳ᠋ᠦᠩ ᠾᠧ ᠲᠣᠭᠤᠷᠢᠭ ᠤᠨ ᠬᠥᠭᠵᠢᠯᠲᠡ ᠬᠤᠪᠢᠷᠠᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠣᠶᠢᠯᠠᠭᠠᠭᠤᠯᠵᠤ᠂ ᠴᠠᠭ ᠢᠮᠠᠭᠲᠠ ᠨᠠᠮ ᠤᠨ ᠠᠴᠢ ᠶᠢ ᠮᠡᠳᠡᠷᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠬᠠᠮᠰᠠᠷ ᠠᠴᠠ ᠪᠠᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠠᠭᠤᠤ ᠶᠡᠭᠡ ᠡᠬᠡ ᠤᠯᠤᠰ ᠢᠶᠠᠨ ᠪᠦᠲᠦᠭᠡᠨ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃      ᠸᠠᠩ ᠷᠦᠢ ᠬᠡᠯᠡᠬᠦ ᠳᠡᠭᠡᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠣᠯ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠮᠥᠨ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢᠰᠲ᠋ᠧᠮ ᠤᠨ ᠣᠶᠢᠯᠠᠭᠠᠭᠳᠠᠬᠤᠨ ᠢᠶᠠᠷ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠳ᠋ᠦᠩ ᠾᠧ ᠲᠣᠭᠤᠷᠢᠭ ᠤᠨ ᠣᠨᠴᠠᠯᠢᠭ ᠲᠠᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠪᠡᠶ᠎ᠡ ᠪᠠᠷ ᠢᠶᠠᠨ ᠲᠠᠷᠢᠬᠤ ᠵᠢᠭᠠᠨ ᠰᠤᠷᠭᠠᠯᠲᠠ ᠶᠢᠨ ᠲᠠᠪᠴᠠᠩ ᠪᠠᠶᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠬᠦᠰᠡᠯ ᠵᠣᠷᠢᠭ ᠪᠣᠯᠤᠨ ᠬᠦᠰᠡᠯ ᠵᠣᠷᠢᠭ ᠢ ᠪᠤᠢ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠥᠷᠭᠡᠨ ᠤᠯᠠᠨ ᠰᠤᠷᠤᠭᠴᠢᠳ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠵᠤ᠂ ᠡᠷᠡᠰ ᠪᠠᠲᠤ ᠢᠲᠡᠭᠡᠯ ᠪᠢᠰᠢᠷᠡᠯ ᠢ ᠪᠤᠢ ᠪᠣᠯᠭᠠᠵᠤ᠂ ᠡᠷᠬᠢᠮ ᠳᠡᠭᠡᠳᠦ ᠰᠦᠭ ᠰᠦᠨᠡᠰᠦ ᠶᠢ ᠪᠤᠢ ᠪᠣᠯᠭᠠᠵᠤ᠂ ᠰᠠᠶᠢᠨ ᠰᠠᠶᠢᠬᠠᠨ ᠵᠠᠩ ᠰᠤᠷᠲᠠᠯ ᠢ ᠪᠤᠢ ᠪᠣᠯᠭᠠᠵᠤ᠂ ᠠᠯᠤᠰ ᠬᠡᠳᠤ ᠶᠢᠨ ᠵᠣᠷᠢᠭ ᠰᠠᠨᠠᠭ᠎ᠠ ᠶᠢ ᠪᠤᠢ ᠪᠣᠯᠭᠠᠵᠤ᠂ ᠭᠦᠨ ᠭᠦᠨᠵᠡᠭᠡᠢ ᠰᠤᠷᠤᠯᠴᠠᠵᠤ᠂ ᠴᠥᠬᠦᠷᠡᠰᠢ ᠦᠭᠡᠢ ᠲᠡᠮᠡᠴᠡᠬᠦ ᠪᠠᠷ ᠬᠠᠷᠠᠮᠰᠠᠯ ᠦᠭᠡᠢ ᠵᠠᠯᠠᠭᠤ ᠨᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠦᠬᠦ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ᠂ ᠠᠷᠪᠠᠳᠤᠭᠠᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢ ᠳᠠᠭᠠᠭᠠᠴᠢᠯᠠᠬᠤ᠂ ᠵᠢᠩ ᠺᠠᠢ ᠳᠤᠮᠳᠠᠳᠤ ᠰᠤᠷᠭᠠᠭᠤᠯᠢ᠂ ᠵᠦᠩ ᠱᠠᠨ ᠰᠤᠷᠭᠠᠭᠤᠯᠢ ᠵᠡᠷᠭᠡ ᠰᠤᠷᠭᠠᠭᠤᠯᠢ ᠶᠢᠨ ᠲᠡᠰ ᠤᠨ ᠺᠠᠳ᠋ᠷ ᠵᠢᠴᠢ ᠪᠠᠭᠰᠢ ᠰᠤᠷᠤᠭᠴᠢᠳ ᠤᠨ ᠲᠥᠯᠥᠭᠡᠯᠡᠭᠴᠢ 380 ᠭᠠᠷᠤᠢ ᠬᠥᠮᠦᠨ ᠬᠢᠴᠢᠶᠡᠯ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠠᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1