ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ︽ᠨᠢᠭᠡ ᠬᠡᠷᠡᠭ ᠢ ᠨᠢᠭᠡ ᠵᠥᠪᠯᠡᠬᠦ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/4/1
     ᠨᠢᠭᠡ᠂ ᠬᠠᠪᠰᠤᠷᠤᠨ ᠲᠡᠳᠬᠦᠬᠦ ᠡᠲᠡᠭᠡᠳ      ᠳᠠᠬᠢᠨ ᠶᠠᠳᠠᠭᠤᠷᠠᠬᠤ ᠠᠴᠠ ᠪᠣᠯᠵᠤ ᠬᠢᠨᠠᠨ ᠰᠢᠨᠵᠢᠬᠦ ᠡᠲᠡᠭᠡᠳ ︵ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠵᠡᠷᠭᠡ︶᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠡᠷᠭᠡ ᠶᠢ ᠰᠡᠷᠭᠡᠶᠢᠯᠡᠨ ᠬᠤᠷᠢᠭᠯᠠᠨ᠎ᠠ᠃      ᠬᠤᠶᠠᠷ᠂ ᠬᠠᠪᠰᠤᠷᠤᠨ ᠲᠡᠳᠬᠦᠬᠦ ᠠᠭᠤᠯᠭ᠎ᠠ      ᠲᠥᠷᠥᠯ ᠵᠦᠢᠯ ᠢ ᠲᠥᠯᠥᠪᠵᠢᠭᠦᠯᠬᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠯᠥᠪᠯᠡᠬᠦ᠂ ᠬᠠᠪᠰᠤᠷᠤᠨ ᠲᠡᠳᠬᠦᠬᠦ ᠭᠤᠤᠯ ᠴᠣᠭᠴᠠ ᠶᠢᠨ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠪᠰᠤᠷᠤᠨ ᠲᠡᠳᠬᠦᠬᠦ ᠡᠲᠡᠭᠡᠳ ᠤᠨ ᠬᠦᠰᠡᠯ ᠰᠠᠨᠠᠭ᠎ᠠ ᠪᠠ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠣᠭᠲᠠᠭᠠᠯ ᠳᠤ ᠨᠡᠶᠢᠴᠡᠬᠦ ᠬᠡᠪᠴᠢᠶᠡᠨ ᠳᠤ ᠨᠡᠶᠢᠭᠡᠮ ᠤᠨ ᠬᠠᠪᠰᠤᠷᠤᠨ ᠲᠡᠳᠬᠦᠬᠦ ᠪᠡᠯᠡ ᠮᠥᠩᠭᠦ᠂ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠡᠯᠡ ᠮᠥᠩᠭᠦ᠂ ᠡᠳ᠋ ᠬᠦᠷᠦᠩᠭᠡ ᠶᠢᠨ ᠠᠰᠢᠭ ᠣᠷᠣᠯᠭ᠎ᠠ ᠶᠢᠨ ᠪᠡᠯᠡ ᠮᠥᠩᠭᠦ ᠵᠡᠷᠭᠡ ᠶᠢ ᠬᠡᠷᠡᠭᠯᠡᠵᠦ ᠪᠣᠯᠤᠨ᠎ᠠ᠃      ᠭᠤᠷᠪᠠ᠂ ᠬᠠᠪᠰᠤᠷᠤᠨ ᠲᠡᠳᠬᠦᠬᠦ ᠶᠠᠪᠤᠴᠠ      ᠨᠡᠶᠢᠭᠡᠮ ᠤᠨ ᠬᠠᠪᠰᠤᠷᠤᠨ ᠲᠡᠳᠬᠦᠬᠦ᠂ ᠬᠤᠤᠰᠯᠠᠯ ᠪᠣᠯᠵᠣ ᠬᠠᠪᠰᠤᠷᠤᠨ ᠲᠡᠳᠬᠦᠬᠦ᠂ ᠰᠢᠨ᠎ᠡ ᠪᠠᠷ ᠢᠯᠭᠠᠨ ᠲᠠᠨᠢᠬᠤ ᠬᠢᠨᠠᠨ ᠰᠢᠯᠭᠠᠬᠤ ᠡᠲᠡᠭᠡᠳ ᠤᠨ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠬᠤ᠂ ᠬᠠᠪᠰᠤᠷᠤᠨ ᠲᠡᠳᠬᠦᠬᠦ ᠲᠥᠯᠥᠪᠯᠡᠭᠡ ᠶᠢ ᠰᠢᠨᠡᠳᠬᠡᠬᠦ ᠵᠢᠴᠢ ᠬᠠᠪᠰᠤᠷᠤᠨ ᠲᠡᠳᠬᠦᠬᠦ ᠡᠲᠡᠭᠡᠳ ᠤᠨ ᠡᠳᠦᠷ ᠲᠤᠲᠤᠮ ᠤᠨ ᠬᠦᠰᠡᠯ ᠱᠠᠭᠠᠷᠳᠠᠯᠭ᠎ᠠ ᠶᠢ ᠬᠠᠷᠢᠭᠤ ᠲᠤᠰᠬᠠᠬᠤ ᠪᠠ ᠬᠠᠪᠰᠤᠷᠤᠨ ᠲᠡᠳᠬᠦᠬᠦ ᠺᠠᠳ᠋ᠷ ᠶᠠᠳᠠᠭᠤ ᠬᠦᠴᠢᠷᠳᠡᠯᠲᠡᠶ ᠬᠡᠷᠡᠭᠴᠡᠭᠡ ᠱᠠᠭᠠᠷᠳᠠᠯᠭ᠎ᠠ ᠶᠢ ᠮᠥᠷᠳᠡᠨ ᠳᠠᠭᠠᠵᠤ ᠢᠯᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠱᠠᠲᠤᠨ ᠤ ᠬᠢᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠰᠣᠯᠢᠯᠴᠠᠵᠤ᠂ ᠬᠠᠪᠰᠤᠷᠤᠨ ᠲᠡᠳᠬᠦᠬᠦ ᠶᠢ ᠵᠡᠷᠭᠡᠪᠡᠷ ᠥᠷᠨᠢᠭᠦᠯᠦᠨ᠎ᠡ᠃      ᠳᠥᠷᠪᠡ᠂ ᠲᠠᠶᠢᠯᠪᠤᠷᠢ      ᠣᠯᠠᠨ ᠰᠠᠯᠠᠭ᠎ᠠ ᠮᠥᠴᠢᠷ ᠴᠥᠮ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ︽ᠨᠢᠭᠡ ᠤᠴᠢᠷ ᠢ ᠨᠢᠭᠡ ᠵᠥᠪᠯᠡᠬᠦ︾ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠣᠯᠤᠨ᠎ᠠ᠂ ᠠᠳᠡ ᠠᠴᠠ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠡᠲᠡᠭᠡᠳ ᠲᠤ ᠴᠢᠭᠯᠡᠭᠦᠯᠦᠭᠰᠡᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠥᠷᠥ ᠶᠢᠨ ᠪᠣᠳᠣᠯᠭ᠎ᠠ ᠪᠠ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠬᠡᠮᠵᠢᠶ᠎ᠡ ᠶᠢ ᠲᠣᠪᠴᠢ ᠲᠠᠨᠢᠯᠴᠠᠭᠤᠯᠪᠠ᠂ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠤᠤᠯᠳᠠᠭᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ︵ᠳᠠᠬᠢᠨ ᠶᠠᠳᠠᠭᠤᠷᠠᠬᠤ ᠠᠴᠠ ᠪᠣᠯᠤᠭᠰᠠᠨ ᠡᠷᠦᠬᠡ︶᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠴᠢᠭᠯᠡᠭᠦᠯᠦᠨ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃ ᠪᠣᠳᠠᠲᠠᠶ ᠠᠵᠢᠯ ᠤᠨ ᠳᠤᠮᠳᠠ ᠡᠩ ᠤᠨ ᠪᠠᠶᠢᠳᠠᠯ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠪᠰᠤᠷᠤᠨ ᠲᠡᠳᠬᠦᠬᠦ ᠠᠷᠭ᠎ᠠ ᠮᠠᠶ᠋ᠢᠭ ᠢᠶᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ ᠡᠭᠦᠨ ᠳᠤ ᠦᠨᠳᠦᠰᠦᠨ ᠵᠦᠶ᠋ᠯ ᠢ ᠪᠠᠲᠤᠯᠠᠬᠤ᠂ ᠠᠪᠤᠷᠠᠨ ᠲᠤᠰᠠᠯᠠᠬᠤ ᠲᠥᠷᠥᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠠᠪᠰᠤᠷᠤᠨ ᠲᠡᠳᠬᠦᠬᠦ ᠡᠷᠴᠢᠮ ᠪᠠ ᠴᠠᠭᠴᠢ ᠴᠢᠨᠠᠷ ᠢ ᠪᠣᠳᠣᠯᠬᠢᠯᠠᠵᠤ᠂ ︽ᠪᠠᠴᠢᠮ ᠪᠡᠷᠬᠡ ᠠᠪᠤᠷᠠᠬᠤ︾ ᠵᠢᠴᠢ ᠬᠠᠪᠰᠤᠷᠤᠨ ᠲᠡᠳᠬᠦᠬᠦ ᠡᠲᠡᠭᠡᠳ ᠤᠨ ᠦᠨᠳᠦᠰᠦᠨ ᠠᠮᠢᠳᠤᠷᠠᠯ ᠢ ᠪᠠᠬᠢᠵᠢᠭᠦᠯᠬᠦ ᠶᠢ ᠦᠨᠡᠨᠬᠦ ᠪᠡᠶᠡᠯᠡᠭᠦᠯᠵᠦ᠂ ᠬᠠᠪᠰᠤᠷᠤᠨ ᠲᠡᠳᠬᠦᠬᠦ ᠡᠲᠡᠭᠡᠳ ᠤᠨ ᠲᠣᠰ ᠪᠡᠶ᠎ᠡ ᠶᠢᠨ ᠬᠦᠴᠢᠷᠳᠡᠯ ᠢ ᠦᠨᠡᠨ ᠬᠦ ᠰᠢᠶ᠋ᠳᠪᠦᠷᠢᠯᠡᠬᠦ ᠬᠡᠷᠡᠭᠲᠡᠶ︔ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠨᠡᠭᠡᠭᠡᠨ ᠬᠥᠭᠵᠢᠭᠦᠯᠬᠦ ᠮᠠᠶ᠋ᠢᠭ ᠢᠶᠠᠷ ᠬᠠᠪᠰᠤᠷᠤᠨ ᠲᠡᠳᠬᠦᠬᠦ ᠨᠢ ᠡᠩ ᠤᠨ ᠪᠠᠶᠢᠳᠠᠯ ᠳᠤ ᠵᠠᠬ᠎ᠠ ᠳᠡᠯᠭᠡᠭᠦᠷ ᠤᠨ ᠵᠢᠮ᠎ᠡ ᠶᠣᠰᠣᠨ ᠳᠤ ᠨᠡᠶᠢᠴᠡᠵᠦ ᠂ ᠣᠷᠣᠭᠤᠯᠤᠯᠲᠠ ᠨᠢ ᠵᠦᠢ ᠵᠣᠬᠢᠰᠲᠠᠶ᠂ ᠦᠷ᠎ᠡ ᠠᠰᠢᠭ ᠨᠢ ᠲᠣᠭᠲᠠᠭᠤᠨ ᠪᠠᠶᠢᠵᠤ᠂ ᠬᠠᠪᠰᠤᠷᠤᠨ ᠲᠡᠳᠬᠦᠬᠦ ᠡᠲᠡᠭᠡᠳ ᠤᠨ ᠥᠪᠡᠷ ᠢᠶᠠᠨ ᠶᠠᠳᠠᠭᠤ ᠶᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠶᠢ ᠵᠢᠭᠠᠵᠤ ᠪᠠᠶᠢᠨ᠎ᠠ᠃ ᠥᠪᠡᠷᠮᠢᠴᠡ ᠲᠦᠷᠦ ᠶᠢᠨ ᠪᠤᠳᠤᠯᠭ᠎ᠠ ᠨᠢ ᠵᠦᠢ ᠶᠣᠰᠣᠴᠢ ᠴᠢᠨᠠᠷ ᠲᠠᠢ ᠪᠠᠶᠢᠵᠤ᠂ ᠬᠡᠲᠦᠷᠬᠡᠶ ᠬᠠᠪᠰᠤᠷᠤᠨ ᠲᠡᠳᠬᠦᠬᠦ ᠪᠠ ᠨᠡᠶᠢᠭᠡᠮ ᠤᠨ ᠭᠤᠣᠯᠴᠢ ᠪᠤᠰᠤ ᠪᠠᠶᠢᠳᠠᠯ ᠢ ᠪᠣᠢ ᠪᠣᠯᠭᠠᠬᠤ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1