ᠳᠤᠯᠤᠭᠠᠨ ᠥᠩᠭᠡᠲᠦ ᠡᠬᠡ ᠭᠠᠵᠠᠷ ᠲᠤ ᠴᠡᠴᠡᠭ ᠰᠣᠨᠢᠷᠬᠠᠭᠠᠷᠠᠢ
ᠨᠡᠶᠢᠲᠡᠯᠡᠭᠰᠡᠨ ᠴᠠᠭ᠄
2024/5/11
    ︽5.1︾ ᠤ ᠠᠮᠠᠷᠠᠯᠲᠠ ᠶᠢᠨ ᠬᠤᠭᠤᠴᠠᠭᠠᠨ ᠳᠤ ᠣᠶᠢᠷ᠎ᠠ ᠲᠡᠭᠦᠷᠭᠡ ᠶᠢᠨ ᠵᠤᠭᠠᠴᠠᠯ᠂ ᠬᠥᠳᠡᠭᠡ ᠲᠤᠰᠬᠤᠨ ᠤ ᠵᠤᠭᠠᠴᠠᠯ ᠨᠢ ᠤᠯᠠᠮ ᠠᠴᠠ ᠤᠯᠠᠮ ᠣᠯᠠᠨ ᠬᠤᠲᠠ ᠶᠢᠨ ᠠᠷᠠᠳ ᠤᠨ ᠬᠦᠷᠢᠶᠡᠯᠡᠯ ᠢ ᠣᠯᠪᠠ᠃ ᠲᠦᠮᠡᠳ ᠪᠠᠷᠠᠭᠤᠨ ᠬᠤᠰᠢᠭᠤᠨ ᠤ ᠡᠯ᠎ᠡ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠬᠠᠯᠠᠭᠤᠷᠠᠯ ᠤᠨ ᠬᠡᠮᠵᠢᠶ᠎ᠡ ᠴᠦ ᠦᠷᠭᠦᠯᠵᠢᠯᠡᠨ ᠳᠡᠭᠡᠭᠰᠢᠯᠡᠪᠡ᠃ ᠳᠣᠯᠣᠭᠠᠨ ᠥᠩᠭᠡᠲᠦ ᠡᠬᠡ ᠭᠠᠵᠠᠷ ᠤᠨ ᠦᠵᠡᠮᠵᠢ ᠶᠢᠨ ᠣᠷᠣᠨ ᠳᠤ ᠣᠷᠣᠬᠤ ᠳᠤ᠂ ᠰᠤᠷᠪᠤᠯᠵᠢᠯᠠᠭᠴᠢ ᠠᠴᠠ ᠠᠳᠠᠯᠢ ᠪᠤᠰᠤ ᠥᠩᠭᠡ ᠶᠢᠨ ᠠᠯᠲᠠᠨ ᠵᠤᠯᠠ ᠴᠡᠴᠡᠭ ᠪᠠᠳᠠᠷᠠᠨ ᠳᠡᠯᠭᠡᠷᠡᠭᠰᠡᠨ᠂ ᠥᠩᠭᠡ ᠢᠯᠭᠠᠷᠠᠮ᠎ᠠ ᠳᠦᠷᠢ ᠪᠠᠷ ︽ᠲᠠᠪᠤᠨ ᠰᠠᠷ᠎ᠠ ᠶᠢᠨ ᠨᠢᠭᠡᠨ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠠᠶᠠᠷᠯᠠᠨ ᠤᠭᠲᠤᠵᠤ ᠪᠠᠶᠢᠯ᠎ᠠ᠃ ᠲᠤᠰ ᠭᠠᠵᠠᠷ ᠵᠢᠴᠢ ᠡᠷᠭᠢᠨ ᠲᠣᠭᠤᠷᠢᠨ ᠤ ᠬᠤᠲᠠ ᠠᠴᠠ ᠢᠷᠡᠭᠰᠡᠨ ᠮᠢᠩᠭ᠎ᠠ ᠭᠠᠷᠤᠢ ᠵᠢᠭᠤᠯᠴᠢᠳ ᠴᠡᠴᠡᠭ ᠤᠨ ᠳᠠᠯᠠᠢ ᠪᠠᠷ ᠵᠤᠭᠠᠴᠠᠵᠤ᠂ ᠵᠤᠭᠠᠴᠠᠯ ᠤᠨ ᠲᠥᠷᠥᠯ ᠵᠦᠢᠯ ᠢ ᠪᠡᠶᠡᠴᠢᠯᠡᠨ ᠣᠶᠢᠯᠠᠭᠠᠨ᠎ᠠ᠃ ᠲᠤᠬᠠᠢ ᠶᠢᠨ ᠲᠠᠯᠠᠪᠠᠢ ᠳᠤ ᠬᠥᠮᠦᠨ ᠠᠷᠠᠳ ᠤᠨ ᠠᠭᠤᠷ ᠠᠮᠢᠰᠬᠤᠯ ᠢᠶᠠᠷ ᠪᠢᠯᠬᠠᠵᠤ᠂ ᠭᠠᠵᠠᠷ ᠪᠣᠯᠭᠠᠨ ᠳᠤ ᠪᠠᠶᠠᠷ ᠬᠦᠷ ᠢᠶᠠᠷ ᠪᠢᠯᠬᠠᠵᠤ ᠪᠠᠶᠢᠭᠰᠠᠨ ᠢ ᠣᠯᠵᠤ ᠬᠠᠷᠠᠪᠠ᠃ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠦᠵᠡᠮᠵᠢ ᠶᠢᠨ ᠣᠷᠣᠨ ᠳᠤ ᠠᠯᠲᠠᠨ ᠵᠤᠯᠠ ᠴᠡᠴᠡᠭ ᠪᠠᠶᠢᠬᠤ ᠪᠠᠷ ᠪᠠᠷᠠᠬᠤ ᠦᠭᠡᠢ ᠪᠠᠰᠠ ᠬᠠᠶᠢᠲᠠᠩ ᠴᠡᠴᠡᠭ᠂ ᠴᠠᠭᠠᠨ ᠢᠩᠲᠤᠤᠷ ᠤᠨ ᠴᠡᠴᠡᠭ᠂ ᠦᠵᠡᠰᠭᠦᠯᠡᠩ ᠨᠣᠭᠤᠭ᠎ᠠ᠂ ᠬᠤᠩᠬᠤᠪᠠᠢ ᠴᠡᠴᠡᠭ᠂ ᠰᠠᠷᠠᠨᠠᠢ ᠴᠡᠴᠡᠭ᠂ ᠬᠦᠷᠡᠩ ᠣᠷᠢᠶᠠᠩᠭᠤ ᠵᠡᠷᠭᠡ ᠳᠣᠯᠣᠭᠠᠨ ᠶᠡᠭᠡ ᠴᠡᠴᠡᠭ ᠤᠨ ᠳᠠᠯᠠᠢ ᠶᠢᠨ ᠬᠡᠰᠡᠭ 100 ᠭᠠᠷᠤᠢ ᠴᠡᠴᠡᠭ ᠤᠨ ᠲᠥᠷᠥᠯ ᠵᠦᠢᠯ ᠨᠡᠶᠢᠲᠡ 1000 ᠭᠠᠷᠤᠢ ᠮᠦ ᠴᠡᠴᠡᠭ ᠤᠨ ᠳᠠᠯᠠᠢ ᠪᠠᠶᠢᠵᠤ᠂ ᠵᠦᠢᠯ ᠪᠦᠷᠢ ᠶᠢᠨ ᠴᠡᠴᠡᠭ ᠥᠩᠭᠡ ᠪᠣᠯᠢᠶᠠᠯᠳᠤᠨ ᠳᠡᠯᠭᠡᠷᠡᠵᠦ᠂ ᠲᠦᠮᠡᠨ ᠥᠩᠭᠡ ᠮᠢᠩᠭᠠᠨ ᠦᠵᠡᠮᠵᠢᠲᠦ ᠴᠡᠴᠡᠭ ᠤᠨ ᠳᠠᠯᠠᠢ ᠶᠢ ᠪᠣᠢ ᠪᠣᠯᠭᠠᠨ᠎ᠠ᠃ ᠣᠶᠢᠯᠠᠭᠠᠭᠰᠠᠨ ᠢᠶᠠᠷ᠂ ︽5.1︾ ᠤ ᠬᠤᠭᠤᠴᠠᠭᠠᠨ ᠳᠤ᠂ ᠲᠦᠮᠡᠳ ᠪᠠᠷᠠᠭᠤᠨ ᠬᠤᠰᠢᠭᠤᠨ ᠤ ᠡᠯ᠎ᠡ ᠦᠵᠡᠮᠵᠢ ᠶᠢᠨ ᠣᠷᠣᠨ ᠭᠦᠢᠴᠡᠳ ᠪᠡᠯᠡᠳᠭᠡᠯ ᠬᠢᠵᠦ᠂ ᠠᠷᠠᠳ ᠤᠨ ᠣᠷᠣᠨ ᠰᠠᠭᠤᠴᠠ᠂ ᠭᠡᠷᠲᠦ ᠲᠡᠷᠭᠡ ᠲᠦᠷᠢᠶᠡᠰᠦᠯᠡᠬᠦ᠂ ᠬᠤᠸᠠᠷᠠᠨ ᠤ ᠰᠢᠷᠠᠯᠭ᠎ᠠ᠂ ᠠᠮᠢ ᠠᠬᠤᠶ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠤᠭ᠎ᠠ ᠴᠡᠩᠭᠡᠯ᠂ ᠲᠠᠷᠢᠶᠠᠯᠠᠭ᠎ᠠ ᠶᠢᠨ ᠪᠡᠶᠡᠴᠢᠯᠡᠨ ᠣᠶᠢᠯᠠᠭᠠᠯᠲᠠ᠂ ᠡᠷᠡᠭᠦᠯ ᠮᠡᠨᠳᠦ ᠪᠡᠶ᠎ᠡ ᠰᠤᠪᠢᠯᠠᠯᠲᠠ ᠵᠢᠴᠢ ᠰᠢᠭᠦᠰᠦᠨ ᠤ ᠳᠠᠶᠢᠯᠠᠯᠭ᠎ᠠ ᠵᠡᠷᠭᠡ ᠣᠨᠴᠠᠯᠢᠭᠲᠤ ᠲᠥᠷᠥᠯ ᠵᠦᠢᠯ ᠢ ᠭᠠᠷᠭᠠᠪᠠ᠃ ᠡᠭᠦᠨ ᠤ ᠬᠠᠮᠲᠤ ᠪᠠᠰᠠ ᠣᠯᠠᠨ ᠲᠠᠯᠠᠪᠤᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠣᠯᠠᠨ ᠲᠦᠮᠡᠨ ᠤ ᠣᠷᠣᠯᠴᠠᠬᠤ ᠴᠢᠨᠠᠷ ᠢᠶᠠᠷ ᠨᠡᠯᠢᠶᠡᠳ ᠴᠢᠩᠭ᠎ᠠ ᠤᠷᠠᠨ ᠰᠠᠶᠢᠬᠠᠨ ᠤ ᠠᠵᠢᠯᠯᠠᠭ᠎ᠠ ᠶᠢ ᠥᠷᠨᠢᠭᠦᠯᠪᠡ᠃ ᠵᠤᠭᠠᠴᠠᠭᠰᠠᠳ ᠣᠶᠢᠷ᠎ᠠ ᠳᠤ ᠴᠡᠴᠡᠭ ᠰᠣᠨᠢᠷᠬᠠᠨ ᠰᠡᠭᠦᠳᠡᠷ ᠲᠠᠲᠠᠵᠤ᠂ ᠬᠤᠯᠠ ᠳᠤ ᠵᠢᠦ ᠹᠧᠩ ᠱᠠᠨ ᠠᠭᠤᠯᠨ ᠶᠢ ᠠᠪᠠᠷᠢᠵᠤ᠂ ᠶᠠᠳᠠᠷᠠᠪᠠᠯ ᠪᠠᠰᠠ ᠰᠢ ᠸᠠᠨ ᠲᠣᠰᠬᠤᠨ ᠤ ᠠᠷᠠᠳ ᠤᠨ ᠵᠠᠩ ᠦᠢᠯᠡ ᠶᠢᠨ ᠵᠡᠭᠡᠯᠢ᠂ ᠾᠧ ᠴᠧᠩ ᠴᠢᠤᠸᠠᠨ ᠲᠣᠰᠬᠤᠨ ᠤ ᠬᠠᠲᠤᠨ ᠭᠤᠤᠯ ᠤᠨ ᠢᠦᠢ ᠼᠦᠨ ᠲᠣᠰᠬᠤᠨ ᠳᠤ ᠬᠦᠷᠴᠦ ᠠᠮᠠᠷᠠᠵᠤ᠂ ᠬᠥᠮᠦᠨ ᠰᠣᠶᠣᠯ ᠪᠠ ᠪᠠᠶᠢᠭᠠᠯᠢ ᠶᠢᠨ ᠪᠦᠷᠢᠨ ᠲᠡᠭᠦᠯᠳᠡᠷ ᠠᠭᠤᠰᠤᠯᠴᠠᠯ ᠢ ᠮᠡᠳᠡᠷᠡᠵᠦ ᠪᠣᠯᠣᠨ᠎ᠠ᠃
 
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1