ᠶᠠᠳᠠᠭᠤ ᠶᠢ ᠲᠡᠳᠬᠦᠬᠦ ︵ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠰᠢᠨᠵᠢᠬᠦ ᠪᠤᠶᠤ ᠬᠠᠪᠰᠤᠷᠤᠨ ᠲᠡᠳᠬᠦᠬᠦ ᠵᠡᠷᠭᠡ︶ ᠭᠤᠤᠯ ᠴᠣᠭᠴᠠ ᠶᠢᠨ ᠮᠠᠭᠠᠳᠯᠠᠨ ᠲᠣᠭᠲᠠᠭᠠᠬᠤ ᠲᠥᠷᠥᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/11
ᠨᠢᠭᠡ᠂ ᠮᠠᠭᠠᠳᠯᠠᠨ ᠲᠣᠭᠲᠠᠭᠠᠬᠤ ᠡᠲᠡᠭᠡᠳ      ᠡᠭᠦᠨ ᠳᠤ ᠳ᠋ᠦᠩ ᠾᠧ ᠲᠣᠭᠤᠷᠢᠭ ︵ᠳ᠋ᠦᠩ ᠾᠧ ᠲᠣᠭᠤᠷᠢᠭ ᠲᠤ ᠳᠠᠩᠰᠠᠯᠠᠭᠤᠯᠬᠤ᠂ ᠡᠰᠡᠬᠦᠯ᠎ᠡ ᠳ᠋ᠦᠩ ᠾᠧ ᠲᠣᠭᠤᠷᠢᠭ ᠲᠤ ᠭᠤᠶᠤᠴᠢᠯᠠᠨ ᠮᠡᠳᠡᠭᠦᠯᠬᠦ᠂ ᠡᠰᠡᠬᠦᠯ᠎ᠡ ᠳ᠋ᠦᠩ ᠾᠧ ᠲᠣᠭᠤᠷᠢᠭ ᠲᠤ ᠬᠠᠮᠢᠶ᠎ᠠ ᠪᠥᠬᠦᠶ ᠪᠠᠶᠢᠳᠠᠯ ᠵᠡᠷᠭᠡ ᠶᠢ ᠭᠡᠷᠡᠴᠢᠯᠡᠬᠦ ᠴᠢᠬᠤᠯᠠᠲᠠᠶ᠂ ᠪᠣᠳᠠᠲᠠᠶ ᠲᠥᠷᠥ ᠶᠢᠨ ᠪᠣᠳᠣᠯᠭ᠎ᠠ ᠶᠢᠨ ᠠᠳᠠᠯᠢ ᠪᠤᠰᠤ ᠱᠠᠭᠠᠷᠳᠠᠯᠭ᠎ᠠ ᠨᠢ ᠠᠳᠠᠯᠢ ᠪᠤᠰᠤ︶ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠠᠵᠢᠯ ᠳᠤ ᠢᠳᠡᠪᠬᠢᠲᠡᠶ ᠣᠷᠣᠯᠴᠠᠭᠰᠠᠨ᠂ ᠬᠤᠪᠢ ᠨᠡᠮᠡᠷᠢ ᠦᠵᠡᠭᠦᠯᠦᠭᠰᠡᠨ ᠡᠨᠧᠷᠭᠢ ᠪᠤᠶᠤ ᠬᠤᠪᠢ ᠨᠡᠮᠡᠷᠢ ᠦᠵᠡᠭᠦᠯᠦᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ᠂ ᠨᠢᠭᠡᠴᠢ ᠪᠤᠶᠤ ᠬᠤᠪᠢ ᠬᠥᠮᠦᠨ ᠵᠡᠷᠭᠡ ᠶᠢ ᠪᠠᠭᠲᠠᠭᠠᠨ᠎ᠠ᠃ᠬᠤᠶᠠᠷ᠂ ᠮᠠᠭᠠᠳᠯᠠᠨ ᠲᠣᠭᠲᠠᠭᠠᠭᠰᠠᠨ ᠠᠭᠤᠯᠭ᠎ᠠ      ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ ᠳᠤ ᠢᠳᠡᠪᠬᠢᠲᠡᠢ ᠣᠷᠣᠯᠴᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠵᠡᠷᠭᠡ ᠨᠢᠭᠡᠴᠢ ᠪᠠ ᠬᠤᠪᠢ ᠬᠥᠮᠦᠨ᠂ ᠡᠭᠦᠨ ᠳᠤ ᠡᠭᠦᠨ ᠠᠴᠠ ᠡᠮᠦᠨ᠎ᠡ ᠮᠠᠭᠠᠳᠯᠠᠨ ᠲᠣᠭᠲᠠᠭᠠᠭᠰᠠᠨ ᠶᠠᠳᠠᠭᠤ ᠶᠢ ᠲᠡᠳᠬᠦᠬᠦ ᠦᠶ᠋ᠯᠡᠳᠬᠦᠨ ᠤ ᠬᠠᠩᠭᠠᠯᠭ᠎ᠠ ᠶᠢᠨ ᠬᠤᠳᠠᠯᠳᠤᠭᠠᠴᠢᠨ᠂ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠪᠠ ᠣᠳᠣᠬᠠᠨ ᠳᠤ ᠮᠠᠭᠠᠳᠯᠠᠨ ᠲᠣᠭᠲᠠᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠬᠥᠲᠥᠴᠢ ᠠᠵᠤ ᠠᠬᠤᠶᠢᠯᠠᠯ ᠵᠢᠴᠢ ᠪᠡᠶ᠎ᠡ ᠶᠢᠨ ᠭᠠᠷᠤᠯ ᠪᠤᠶᠤ ᠵᠦᠶ᠋ᠯᠡᠰ ᠤᠨ ᠭᠡᠷᠡᠴᠢ ᠭᠠᠷᠭᠠᠬᠤ ᠴᠢᠬᠤᠯᠠᠲᠠᠶ ᠪᠤᠰᠤᠳ ᠪᠠᠶᠢᠳᠠᠯ ᠢ ᠪᠠᠭᠲᠠᠭᠠᠨ᠎ᠠ᠃ ᠭᠤᠷᠪᠠ᠂ ᠲᠥᠷᠥ ᠶᠢᠨ ᠪᠣᠳᠣᠯᠭ᠎ᠠ ᠶᠢ ᠬᠦᠷᠲᠡᠭᠡᠬᠦ     ᠣᠯᠤᠭᠰᠠᠨ ᠦᠷ᠎ᠡ ᠪᠦᠲᠦᠮᠵᠢ ᠪᠠᠨ ᠦᠨᠳᠦᠰᠦᠯᠡᠨ ᠢᠷᠠᠭᠤ ᠠᠯᠳᠠᠷ ᠤᠨ ᠴᠣᠯᠠ ᠶᠢ ᠮᠠᠭᠠᠳᠯᠠᠨ ᠲᠣᠭᠲᠠᠭᠠᠬᠤ᠂ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠬᠠᠪᠰᠤᠷᠤᠨ᠎ᠠ ︵ᠵᠢᠱᠢᠶᠡᠯᠡᠪᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠪᠰᠤᠷᠤᠨ ᠲᠡᠳᠬᠦᠬᠦ ᠬᠥᠲᠥᠴᠢ ᠠᠵᠤ ᠠᠬᠤᠶᠢᠯᠠᠯ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ︶᠂ ᠵᠠᠷᠢᠮ ᠬᠤᠷᠢᠭ᠎ᠠ ᠲᠠᠢ ᠠᠵᠢᠯᠯᠠᠭ᠎ᠠ ᠳᠤ ᠣᠷᠣᠯᠴᠠᠭᠰᠠᠨ ᠵᠢᠴᠢ ᠬᠡᠷᠡᠭᠯᠡᠭᠡ ᠶᠢᠨ ᠬᠠᠪᠰᠤᠷᠤᠨ ᠲᠡᠳᠬᠦᠬᠦ ᠲᠤᠰᠬᠠᠶ ᠣᠷᠳᠣᠨ᠂ ᠪᠣᠷᠣᠯᠠᠭᠤᠯᠬᠤ ᠲᠠᠪᠴᠠᠩ ᠵᠡᠷᠭᠡ ᠳᠤ ᠣᠷᠣᠵᠤ ᠰᠠᠭᠤᠭᠰᠠᠨ᠂ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢ ᠦᠨᠳᠦᠰᠦᠯᠡᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠳᠤ ᠣᠷᠣᠯᠴᠠᠭᠰᠠᠨ ᠵᠡᠷᠭᠡ ᠪᠠᠶᠢᠳᠠᠯ ᠢ ᠦᠨᠳᠦᠰᠦᠯᠡᠨ ᠬᠤᠯᠪᠣᠭᠳᠠᠯ ᠪᠥᠬᠦᠶ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠱᠠᠩᠨᠠᠵᠤ ᠨᠥᠬᠦᠪᠥᠷᠢᠯᠡᠬᠦ᠂ ᠢᠷᠠᠭᠤ ᠠᠯᠳᠠᠷ ᠤᠨ ᠬᠢᠷᠢ ᠬᠡᠮ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ᠃ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠲᠦᠷᠦ ᠶᠢᠨ ᠪᠤᠳᠤᠯᠭ᠎ᠠ ᠪᠢᠰᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠭᠤᠣᠯᠳᠠᠭᠤ ᠨᠡᠶᠢᠭᠡᠮ ᠤᠨ ᠭᠤᠣᠯ ᠴᠣᠭᠴᠠ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ︵ᠠᠮᠠᠷᠬᠠᠨ ᠶᠠᠳᠠᠭᠤᠷᠠᠬᠤ ᠲᠠᠬᠢᠨ ᠶᠠᠳᠠᠭᠤᠷᠠᠬᠤ ᠪᠤᠶᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠲᠡᠳᠬᠦᠬᠦ ᠪᠤᠶᠤ ᠪᠤᠰᠤᠳ ᠬᠤᠪᠢ ᠨᠡᠮᠡᠷᠢ ᠵᠡᠷᠭᠡ ᠪᠠᠶᠢᠳᠠᠯ ᠳᠤ ᠴᠢᠭᠯᠡᠭᠦᠯᠦᠨ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠪᠠ ᠭᠡᠷᠡᠴᠢᠯᠡᠬᠦ ᠶᠢ ᠬᠠᠮᠵᠢᠨ ᠥᠷᠨᠢᠭᠦᠯᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠡᠭᠦᠷᠭᠡᠯᠡᠭᠰᠡᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠪᠣᠯᠤᠨ᠎ᠠ ᠳᠥᠷᠪᠡ᠂ ᠮᠡᠳᠡᠭᠦᠯᠬᠦ ᠴᠤᠪᠤᠷᠠᠯ    ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠷᠢᠯᠴᠠᠵᠤ᠂ ᠬᠠᠮᠢᠶ᠎ᠠ ᠪᠥᠬᠦᠶ ᠱᠠᠭᠠᠷᠳᠠᠯᠭ᠎ᠠ᠂ ᠠᠵᠢᠯ ᠤᠨ ᠦᠷ᠎ᠡ ᠪᠦᠲᠦᠮᠵᠢ ᠪᠠ ᠬᠡᠷᠡᠭᠴᠡᠭᠡ ᠶᠢ ᠦᠨᠳᠦᠰᠦᠯᠡᠨ ᠮᠠᠭᠠᠳᠯᠠᠨ ᠲᠣᠭᠲᠠᠭᠠᠬᠤ ᠪᠤᠶᠤ ᠭᠡᠷᠡᠴᠢ ᠭᠠᠷᠭᠠᠬᠤ ᠬᠡᠷᠡᠭᠲᠡᠶ᠃ ᠡᠯ᠎ᠡ ᠨᠡᠶᠢᠭᠡᠮ ᠤᠨ ᠭᠤᠣᠯ ᠴᠣᠭᠴᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢ ᠠᠰᠠᠭᠤᠨ ᠯᠠᠪᠯᠠᠵᠤ᠂ ᠠᠯᠢ ᠱᠠᠳᠤ ᠳᠠᠪᠬᠤᠷᠭ᠎ᠠ᠂ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠪᠤᠶᠤ ᠭᠡᠷᠡᠴᠢᠯᠡᠯ ᠬᠢᠵᠦ ᠥᠭᠬᠦ ᠵᠡᠷᠭᠡ ᠠᠵᠢᠯ ᠢ ᠬᠢᠬᠦ ᠪᠠᠷ ᠲᠣᠭᠲᠠᠭᠠᠵᠤ ᠪᠣᠯᠤᠨ᠎ᠠ᠃ᠲᠠᠪᠤ᠂ ᠲᠠᠶᠢᠯᠪᠤᠷᠢ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ︵ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ︶᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠩ ᠤᠨ ᠪᠠᠶᠢᠳᠠᠯ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠢᠯᠡᠰ ᠲᠤ ᠣᠷᠣᠯᠴᠠᠬᠤ ᠵᠢᠴᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠠᠳᠠᠭᠤᠷᠠᠭᠰᠠᠨ ᠡᠷᠦᠬᠡ︶ ᠵᠢᠴᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠠᠮᠢᠶ᠎ᠠ ᠪᠥᠬᠦᠶ ᠬᠠᠪᠰᠤᠷᠤᠨ ᠲᠡᠳᠬᠦᠬᠦ ᠪᠤᠶᠤ ᠪᠤᠰᠤᠳ ᠬᠤᠪᠢ ᠨᠡᠮᠡᠷᠢ ᠵᠡᠷᠭᠡ ᠪᠠᠶᠢᠳᠠᠯ ᠤᠨ ᠭᠡᠷᠡᠴᠢᠯᠡᠯ᠂ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠪᠠ ᠰᠠᠯᠠᠭ᠎ᠠ ᠮᠥᠴᠢᠷ ᠤᠨ ᠳᠠᠭᠠᠭᠠᠨ ᠠᠪᠤᠭᠰᠠᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠭᠦᠷᠭᠡᠯᠡᠵᠦ᠂ ᠪᠣᠳᠠᠲᠠᠶ ᠪᠠᠶᠢᠳᠠᠯ ᠢ ᠦᠵᠡᠵᠦ ᠪᠠᠶᠢᠭᠠᠳ ᠪᠤᠰᠤᠳ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤ ᠪᠠᠷ ᠭᠡᠷᠡᠴᠢᠯᠡᠬᠦ ᠶᠢ ᠱᠠᠭᠠᠷᠳᠠᠵᠤ ᠪᠣᠯᠤᠨ᠎ᠠ᠃     ᠲᠣᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠶᠠᠳᠠᠭᠤ ᠶᠢ ᠲᠡᠳᠬᠦᠬᠦ ︵ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠬᠡᠮᠵᠢᠬᠦ ᠪᠤᠶᠤ ᠬᠠᠪᠰᠤᠷᠤᠨ ᠲᠡᠳᠬᠦᠬᠦ︶ ᠭᠤᠤᠯ ᠴᠣᠭᠴᠠ ᠨᠢ ᠨᠢᠭᠡᠳᠦᠭᠡᠷ ᠲᠥᠷᠥᠯ ᠤᠨ ᠲᠥᠷᠥ ᠶᠢᠨ ᠪᠣᠳᠣᠯᠭ᠎ᠠ ᠶᠢᠨ ᠶᠡᠭᠡ ᠲᠥᠯᠥᠪ ᠤᠨ ᠠᠴᠢ ᠬᠤᠯᠪᠣᠭᠳᠠᠯ ᠤᠨ ᠲᠠᠶᠢᠯᠤᠮᠵᠢ ᠪᠣᠯᠤᠨ᠎ᠠ᠂ ᠡᠶᠢᠮᠦᠷᠬᠦ ᠲᠥᠷᠥᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠨᠢ ᠣᠯᠠᠨ᠂ ᠲᠥᠷᠥ ᠶᠢᠨ ᠪᠣᠳᠣᠯᠭ᠎ᠠ ᠶᠢᠨ ᠵᠥᠷᠢᠶ᠎ᠡ ᠨᠢ ᠶᠡᠭᠡ ᠵᠡᠷᠭᠡ ᠣᠨᠴᠠᠯᠢᠭ ᠲᠠᠢ ᠪᠣᠯᠬᠤᠷ ᠨᠢᠭᠡᠳ ᠨᠢᠭᠡ ᠪᠠᠷ ᠪᠥᠬᠦ ᠲᠠᠯ᠎ᠠ ᠪᠠᠷ ᠲᠣᠳᠣᠷᠬᠠᠶᠢᠯᠠᠬᠤ ᠳᠤ ᠪᠡᠷᠬᠡᠲᠡᠶ ᠪᠠᠶᠢᠳᠠᠭ᠂ ᠪᠣᠳᠠᠲᠠᠶ ᠱᠠᠭᠠᠷᠳᠠᠯᠭ᠎ᠠ ᠨᠢ ᠪᠣᠳᠠᠲᠠᠶ ᠲᠥᠷᠥ ᠶᠢᠨ ᠪᠣᠳᠣᠯᠭ᠎ᠠ ᠶᠢᠨ ᠠᠳᠠᠯᠢ ᠪᠤᠰᠤ ᠠᠴᠠ ᠪᠣᠯᠵᠣ ᠠᠳᠠᠯᠢ ᠥᠬᠡᠶ᠂ ᠴᠠᠭ ᠦᠶ᠎ᠡ ᠶᠢᠨ ᠬᠤᠪᠢᠷᠠᠯᠲᠠ ᠶᠢᠨ ᠲᠥᠷᠥ ᠶᠢᠨ ᠪᠣᠳᠣᠯᠭ᠎ᠠ ᠶᠢ ᠴᠤ ᠳᠣᠭᠢᠷᠠᠭᠤᠯᠤᠨ ᠰᠢᠨᠡᠳᠬᠡᠵᠦ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠠᠰᠠᠭᠤᠨ ᠯᠠᠪᠯᠠᠬᠤ ᠶᠢ ᠪᠠᠶᠠᠷᠯᠠᠨ ᠤᠭᠲᠤᠵᠤ ᠪᠠᠶᠢᠨ᠎ᠠ᠃  ᠬᠠᠷᠢᠯᠴᠠᠬᠤ ᠣᠳᠠᠰᠣ᠄ 04724388696᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1