ᠵᠠᠩ ᠯᠢ ᠵᠢᠶᠦ᠋ᠨ ᠪᠥᠬᠦ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/14
      ᠲᠣᠭᠤᠷᠢᠭ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠳᠠᠷᠤᠭ᠎ᠠ ᠵᠠᠩ ᠯᠢ ᠵᠢᠶᠦ᠋ᠨ ᠪᠥᠬᠦ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠠᠩ ᠯᠢ ᠵᠢᠶᠦ᠋ᠨ ᠤᠷᠢᠳ ᠬᠤᠵᠢᠳ ᠨᠠᠶᠢᠷᠠᠮᠳᠠᠯ ᠵᠠᠮ ᠤᠨ ᠵᠡᠭᠦᠨ ᠳᠥᠷᠪᠡᠳᠦᠭᠡᠷ ᠲᠣᠭᠤᠷᠢᠭ᠂ ᠮᠢᠩ ᠱᠢ ᠬᠤᠸᠠ ᠶᠤᠸᠠᠨ ᠰᠠᠭᠤᠭᠠᠯᠢ  ᠲᠣᠭᠤᠷᠢᠭ᠂ ᠵᠡᠭᠦᠨ ᠡᠭᠦᠳᠡᠨ  ᠶᠡᠭᠡ ᠵᠡᠭᠡᠯᠢ ᠶᠢᠨ ᠨᠢᠭᠡᠳᠦᠭᠡᠷ ᠨᠣᠮᠧᠷᠲᠤ ᠬᠥᠭᠦᠷᠭᠡ ᠶᠢᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ᠂ ᠭᠠᠯ ᠳᠤ ᠲᠡᠰᠪᠦᠷᠢᠲᠡᠢ ᠦᠢᠯᠡᠳᠪᠦᠷᠢ ᠶᠢᠨ ᠡᠮᠦᠨ᠎ᠡ ᠵᠠᠮ ᠤᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ᠂ ᠬᠦᠷᠡᠯ ᠰᠢᠯᠢ  ᠡᠮᠦᠨ᠎ᠡ ᠨᠢᠭᠡᠳᠦᠭᠡᠷ ᠲᠣᠭᠤᠷᠢᠭ᠂ ᠬᠤᠶᠢᠲᠤ ᠲᠠᠪᠣᠳᠣᠭᠠᠷ  ᠲᠣᠭᠤᠷᠢᠭ ᠵᠡᠷᠭᠡ ᠭᠠᠵᠠᠷ ᠲᠤ ᠬᠦᠷᠴᠦ᠂ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠪᠣᠯᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠬᠠᠮᠢᠶᠠᠷᠤᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠵᠠᠩ ᠯᠢ ᠵᠢᠶᠦ᠋ᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠤᠷᠢᠳᠠᠪᠠᠷ ᠲᠤᠷᠰᠢᠯᠲᠠ ᠶᠢᠨ ᠴᠢᠭ ᠢ ᠤᠷᠢᠳᠠᠪᠠᠷ ᠬᠡᠷᠡᠭᠵᠢᠭᠦᠯᠦᠨ᠂ ᠲᠥᠷᠥᠯ ᠬᠤᠪᠢᠶᠠᠨ ᠠᠬᠢᠭᠤᠯᠵᠤ᠂ ᠴᠠᠭ ᠢ ᠲᠣᠩᠭᠤᠷᠤᠭᠤᠯᠤᠨ ᠵᠢᠭᠰᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠡᠶ᠃ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠦᠷᠳᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ ᠂ ᠵᠣᠬᠢᠰᠲᠠᠢ ᠪᠠᠶᠢᠷᠢᠯᠠᠭᠤᠯᠵᠤ᠂ ᠬᠤᠭᠤᠯᠠᠨ ᠭᠡᠷ ᠤᠨ ᠬᠤᠭ ᠨᠣᠪᠰᠢ ᠪᠠ ᠬᠤᠣᠷ ᠬᠦᠨᠦᠭᠡᠯ ᠲᠠᠢ  ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠵᠢᠴᠢ ᠲᠡᠭᠦᠰᠬᠡᠯ ᠦᠵᠦᠭᠦᠷ ᠢ ᠰᠢᠢᠳᠪᠦᠷᠢᠯᠡᠬᠦ ᠠᠵᠢᠯ ᠢ ᠴᠢᠩᠭ᠎ᠠ ᠬᠠᠮᠢᠶᠠᠷᠤᠨ ᠡᠵᠡᠮᠳᠡᠵᠦ ᠂ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ᠂ ᠰᠢᠢᠳᠪᠦᠷᠢᠯᠡᠬᠦ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯ ᠤᠬᠠᠮᠰᠠᠷ ᠪᠠ ᠲᠥᠷᠥᠯ ᠬᠤᠪᠢᠶᠠᠨ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠵᠦ  ᠂ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠬᠤ ᠬᠡᠷᠡᠭᠲᠡᠶ᠃      ᠵᠠᠩ ᠯᠢ ᠵᠢᠶᠦ᠋ᠨ ᠬᠡᠯᠡᠬᠦ ᠳᠡᠭᠡᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠬᠤ᠂ ᠴᠠᠬᠢᠯᠭᠠᠨ ᠴᠡᠨᠡᠭᠯᠡᠬᠦ ᠬᠠᠮᠢᠶᠠᠷᠤᠯᠲᠠ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠲᠠᠢ ᠬᠤᠯᠪᠣᠭᠳᠠᠵᠤ᠂ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭ᠎ᠠ ᠬᠦᠨᠳᠦ ᠶᠡᠭᠡ ᠶᠤᠮ᠃ ᠵᠠᠷᠢᠮ ᠭᠠᠵᠠᠷ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠤᠨ ᠠᠶᠤᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠸᠢᠴᠠᠲ ᠤᠨ ᠴᠤᠭᠯᠠᠷᠠᠯ ᠵᠡᠷᠭᠡ ᠠᠴᠢᠶᠠᠯᠠᠪᠤᠷᠢ ᠶᠢ ᠠᠰᠢᠭᠯᠠᠨ᠂ ᠶᠡᠷᠦ ᠶᠢᠨ ᠮᠡᠳᠡᠯᠭᠡ ᠶᠢᠨ ᠤᠬᠠᠭᠤᠯᠭ᠎ᠠ ᠵᠢᠴᠢ ᠰᠡᠷᠡᠮᠵᠢᠯᠡᠭᠦᠯᠬᠦ ᠴᠢᠨᠠᠷᠲᠠᠶ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠶ᠃ ᠤᠯᠠᠨ ᠲᠦᠮᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠨᠢᠭᠡ ᠲᠠᠯ᠎ᠠ ᠪᠠᠷ ᠴᠡᠭᠴᠡᠯᠡᠨ ᠵᠠᠰᠠᠬᠤ᠂ ᠨᠢᠭᠡ ᠲᠠᠯ᠎ᠠ ᠪᠠᠷ ᠪᠥᠲᠥᠭᠡᠨ ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ︽ᠪᠥᠬᠦ ᠬᠡᠯᠬᠢᠶᠡᠰᠦ︾ ᠶᠢᠨ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠣᠨ ᠬᠤᠳᠠᠯᠳᠣᠬᠤ  ᠂ ᠥᠭᠡᠷᠡᠴᠢᠯᠡᠨ ᠤᠭᠰᠠᠷᠠᠬᠤ᠂ ᠬᠠᠳᠠᠭᠠᠯᠠᠬᠤ᠂ ᠴᠠᠬᠢᠯᠭᠠᠨ ᠴᠡᠨᠡᠭᠯᠡᠬᠦ ᠵᠡᠷᠭᠡ ᠡᠯ᠎ᠡ ᠭᠤᠭᠴᠤᠭ᠎ᠠ ᠶᠢ ᠴᠢᠩᠭ᠎ᠠ ᠬᠠᠮᠢᠶᠠᠷᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠦᠨᠡᠨ ᠬᠦ ᠠᠷᠢᠯᠭᠠᠬᠤ ᠬᠡᠷᠡᠭᠲᠡᠶ᠃      ᠲᠣᠭᠤᠷᠢᠭ ᠤᠨ ᠤᠳᠤᠷᠢᠳᠤᠯᠭ᠎ᠠ ᠹᠧᠩ ᠳ᠋ᠦᠩ ᠸᠠᠩ᠂ ᠴᠠᠩ ᠴᠢᠤᠸᠠᠨ ᠸᠧᠢ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1