ᠮᠠᠨ ᠤ ᠬᠤᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2024/5/14
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠨᠣᠪᠴᠢᠲᠠᠢ ᠡᠵᠡᠮᠳᠡᠨ ᠲᠥᠪᠯᠡᠷᠡᠭᠦᠯᠦᠨ ᠬᠦᠴᠦᠯᠡᠵᠦ᠂ ᠰᠤᠷᠤᠯᠴᠠᠯᠭ᠎ᠠ ᠳᠤ ᠣᠷᠣᠯᠴᠠᠭᠰᠠᠨ 101 ᠨᠢᠭᠡᠴᠢ ᠦᠳᠲᠡᠷ ᠲᠦᠷᠭᠡᠨ ᠬᠥᠳᠡᠯᠦᠯᠴᠡᠵᠦ᠂ 5367 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠥᠷᠭᠡᠨ ᠢᠶᠠᠷ ᠲᠠᠶᠢᠴᠢᠯᠠᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠠᠭᠤᠷ ᠠᠮᠢᠰᠬᠤᠯ ᠢ ᠡᠳᠦᠷ ᠢᠷᠡᠬᠦᠶ᠎ᠡ ᠥᠳᠬᠡᠷᠡᠭᠦᠯᠪᠡ᠃ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ᠂ ᠰᠤᠷᠤᠯᠴᠠᠯᠭ᠎ᠠ ᠬᠥᠮᠦᠵᠢᠯ ᠤᠨ ︽ᠥᠨᠳᠥᠷ ᠵᠣᠭᠰᠣᠴᠠ︾ ᠶᠢ ᠦᠨᠡᠨ ᠬᠦ ᠪᠠᠲᠤᠯᠠᠪᠠ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠵᠡᠷᠭᠡ ᠪᠠᠷ ᠬᠦᠴᠦᠯᠡᠪᠡᠯ ᠰᠠᠶ᠋ᠢ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ ᠠᠳᠠᠯᠢ ᠳᠠᠪᠲᠠᠮᠵᠢ ᠪᠠᠷ ᠬᠥᠭᠵᠢᠨ ᠨᠢᠭᠲᠠᠷᠠᠵᠤ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ︽ᠬᠡᠷᠡᠭᠵᠢᠭᠦᠯᠬᠦ ᠲᠥᠰᠦᠯ︾ ᠢ ᠨᠠᠷᠢᠨ ᠨᠢᠮᠪᠠᠶ ᠲᠣᠭᠲᠠᠭᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠱᠢᠶ᠎ᠡ ᠦᠵᠡᠭᠦᠯᠦᠨ ᠥᠯᠢᠭᠡᠷ ᠠᠪᠴᠤ᠂ ᠲᠦᠷᠦᠭᠦᠯᠡᠨ ︽ᠠᠵᠢᠯ ᠤᠨ ᠲᠣᠬᠢᠷᠠᠭᠤᠯᠤᠯᠲᠠ︾ ᠶᠢ ᠲᠣᠭᠲᠠᠭᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠥᠬᠦ ᠬᠤᠲᠠ ᠶᠢᠨ 101 ᠰᠤᠷᠤᠯᠴᠠᠯᠭ᠎ᠠ ᠳᠤ ᠣᠷᠣᠯᠴᠠᠭᠰᠠᠨ ᠨᠢᠭᠡᠴᠢ ᠶᠢ ᠳᠠᠶᠢᠴᠢᠯᠠᠨ ᠰᠤᠷᠤᠯᠴᠠᠯᠭ᠎ᠠ ᠬᠥᠮᠦᠵᠢᠯ ᠳᠤ ᠦᠳᠲᠡᠷ ᠲᠦᠷᠭᠡᠨ ᠣᠷᠣᠭᠤᠯᠪᠠ᠃ 4 ᠳ᠋ᠦ᠋ᠭᠡᠷ ᠰᠠᠷ᠎ᠠ ᠶᠢᠨ 15 ᠤ ᠡᠳᠦᠷ ᠪᠥᠬᠦ ᠬᠤᠲᠠ ᠪᠠᠷ ᠢᠶᠠᠨ ᠡᠬᠢᠯᠡᠭᠦᠯᠦᠭᠰᠡᠨ ᠤ ᠳᠠᠷᠠᠭ᠎ᠠ᠂ ᠬᠤᠲᠠ ᠶᠢᠨ ᠱᠠᠲᠤᠨ ᠤ ᠲᠠᠰ ᠳᠠᠪᠬᠤᠷᠭ᠎ᠠ ᠠᠴᠠ ᠰᠤᠷᠤᠯᠴᠠᠯᠭ᠎ᠠ ᠳᠤ ᠣᠷᠣᠯᠴᠠᠭᠰᠠᠨ ᠨᠢᠭᠡᠴᠢ ᠳᠤ ᠨᠡᠶᠢᠳᠡᠮ ᠨᠠᠷᠢᠯᠢᠭ ᠪᠣᠯᠪᠠᠰᠤᠷᠠᠯ ᠬᠢᠵᠦ᠂ ᠨᠠᠷᠢᠨ ᠨᠢᠮᠪᠠᠶ ᠠᠵᠢᠯᠯᠠᠬᠤ ᠣᠨᠣᠯᠵᠢᠬᠤᠨ ᠢ ᠡᠴᠦᠰ ᠲᠤ ᠨᠢ ᠲᠤᠯᠲᠠᠯ᠎ᠠ ᠤᠯᠠᠮᠵᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠳᠲᠡᠷ ᠲᠦᠷᠭᠡᠨ ᠳᠠᠭᠠᠵᠤ᠂ ︽ᠲᠤᠰᠬᠠᠶ ᠠᠩᠭᠢ ᠲᠤᠰᠬᠠᠶ ᠠᠳᠬᠤᠬᠤ︾ ᠶᠢ ᠬᠡᠷᠡᠭᠵᠢᠭᠦᠯᠵᠦ᠂ ︽ᠠᠵᠢᠯ ᠤᠨ ᠲᠣᠬᠢᠷᠠᠭᠤᠯᠤᠯᠲᠠ︾ ᠶᠢ ᠢᠵᠢ ᠪᠥᠷᠢᠳᠦᠭᠦᠯᠦᠨ ᠲᠣᠭᠲᠠᠭᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠳᠡᠮ ᠳᠤ ᠪᠠᠨ ︽ᠭᠤᠷᠪᠠᠨ ᠬᠤᠷᠠᠯ ᠨᠢᠭᠡ ᠬᠢᠴᠢᠶᠡᠯ︾ ᠤᠨ ᠠᠷᠭ᠎ᠠ ᠬᠡᠯᠪᠡᠷᠢ ᠪᠠᠷ ᠦᠳᠲᠡᠷ ᠲᠦᠷᠭᠡᠨ ᠬᠥᠳᠡᠯᠦᠯᠴᠡᠵᠦ᠂ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠡᠬᠢᠯᠡᠭᠦᠯᠦᠨ ᠪᠠᠶᠢᠷᠢᠯᠠᠭᠤᠯᠵᠤ ᠳᠠᠭᠤᠰᠴᠤ᠂ ᠪᠥᠬᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠬᠦᠴᠦᠲᠡᠶ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠰᠤᠷᠤᠯᠴᠠᠯᠭ᠎ᠠ ᠪᠠᠷ ᠭᠤᠣᠯᠳᠠᠭᠤᠯᠬᠤ ᠶᠢ ᠲᠤᠪᠤᠶᠢᠯᠭᠠᠵᠦ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠪᠡ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢᠨ ᠰᠠᠭᠤᠷᠢ ᠨᠢ ︽ᠰᠤᠷᠤᠯᠴᠠᠯᠭ᠎ᠠ︾ ᠪᠠᠶᠢᠵᠤ᠂ ᠵᠠᠩᠭᠢᠯᠠᠭ᠎ᠠ ᠨᠢ ᠦᠨᠡᠨ ᠬᠦ ᠠᠳᠬᠤᠵᠤ ᠪᠣᠳᠠᠲᠠᠢ ᠰᠤᠷᠤᠯᠴᠠᠬᠤ᠂ ᠰᠤᠷᠤᠯᠴᠠᠬᠤ ᠳᠤ ᠶᠠᠰᠤ ᠴᠢᠨᠠᠷ ᠲᠠᠢ᠂ ᠰᠤᠷᠤᠯᠴᠠᠬᠤ ᠳᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ 4 ᠳ᠋ᠦ᠋ᠭᠡᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠬᠤᠲᠠ ᠶᠢᠨ ᠲᠠᠰ ᠤᠨ ᠤᠳᠤᠷᠢᠳᠤᠯᠭ᠎ᠠ᠂ ᠨᠥᠬᠦᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶  ᠢ ᠲᠡᠷᠡ ᠬᠡᠪ ᠢᠶᠠᠷ ᠨᠢ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠶ ᠥᠷᠨᠢᠭᠦᠯᠦᠨ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠣᠮ ᠤᠩᠰᠢᠬᠤ ᠠᠩᠭᠢ ᠪᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠴᠢᠨᠠᠷ ᠰᠠᠶᠢᠲᠠᠶ ᠡᠷᠭᠢᠯᠡᠵᠦ᠂ ᠪᠥᠬᠦ ᠬᠤᠲᠠ ᠶᠢᠨ 1144 ᠰᠢᠶᠠᠨ ᠭᠠᠵᠠᠷ ᠤᠨ ᠲᠠᠰ ᠤᠨ ᠺᠠᠳ᠋ᠷ ᠪᠥᠬᠦ ᠠᠵᠢᠯᠲᠠᠨ ᠲᠥᠪᠯᠡᠷᠡᠨ ᠥᠪᠡᠷᠲᠡᠭᠡᠨ ᠰᠤᠷᠤᠯᠴᠠᠪᠠ᠃ ᠡᠭᠦᠨ ᠤ ᠬᠠᠮᠲᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠲᠦᠷᠢᠮ︾  ᠢ ᠰᠤᠷᠤᠯᠴᠠᠬᠤ ᠪᠠᠷ ᠭᠤᠤᠯ ᠰᠡᠳᠦᠪ ᠪᠣᠯᠭᠠᠵᠤ᠂ 2560 ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠵᠤ᠂ ᠤᠷᠢᠳ ᠬᠤᠵᠢᠳ 2200 ᠲᠠᠯᠠᠪᠤᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ 406 ᠤᠳᠠᠭ᠎ᠠ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠢ ᠰᠤᠷᠤᠯᠴᠠᠵᠤ᠂ ᠰᠤᠷᠤᠯᠴᠠᠯᠭ᠎ᠠ ᠪᠠᠷ ᠡᠬᠢᠯᠡᠯ ᠪᠣᠯᠭᠠᠬᠤ ᠶᠢ ᠡᠷᠡᠰ ᠪᠡᠶᠡᠯᠡᠭᠦᠯᠪᠡ᠃ ᠤᠬᠠᠭᠤᠯᠤᠨ ᠲᠠᠶᠢᠯᠪᠤᠷᠢᠯᠠᠬᠤ ᠶᠢ ᠳᠠᠭᠠᠵᠤ᠂ ᠵᠣᠷᠢᠭ ᠰᠠᠨᠠᠭ᠎ᠠ ᠶᠢ ︽ᠰᠦᠭ ᠰᠦᠨᠡᠰᠦ ᠶᠢ ᠨᠢ ᠬᠥᠨᠳᠡᠬᠦ︾ ᠪᠣᠯᠭᠠᠬᠤ ᠪᠠᠷ ᠴᠢᠷᠮᠠᠶᠢᠨ᠎ᠠ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠵᠤ᠂ ᠪᠣᠯᠪᠠᠰᠤᠷᠠᠯ ᠢᠶᠠᠷ ᠰᠤᠷᠤᠯᠭ᠎ᠠ ᠶᠢ ᠲᠡᠳᠬᠦᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠡᠷᠡᠰ ᠰᠢᠢᠳᠪᠦᠷᠢᠯᠡᠬᠦ ᠬᠡᠷᠡᠭᠲᠡᠢ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ 12 ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠬᠤᠲᠠ ᠶᠢᠨ ᠱᠠᠲᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ︽ᠯᠧᠺᠲ᠋ᠣᠷ ᠤᠨ ᠪᠦᠯᠬᠦᠮ︾ ᠢ ᠵᠣᠬᠢᠶᠠᠨ ᠪᠠᠶᠢᠭᠤᠯᠵᠤ᠂ ︽ᠲᠦᠷᠢᠮ︾ ᠢ ᠲᠠᠶᠢᠯᠪᠤᠷᠢᠯᠠᠬᠤ ᠰᠤᠷᠤᠯᠴᠠᠯᠭ᠎ᠠ ᠳᠤ ᠣᠷᠣᠯᠴᠠᠭᠰᠠᠨ ᠡᠯ᠎ᠡ ᠨᠢᠭᠡᠴᠢ᠂ ᠬᠡᠰᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠦᠷᠴᠦ 132 ᠲᠠᠯᠠᠪᠤᠷ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠢᠴᠢᠶᠡᠯ ᠤᠨ ᠲᠣᠬᠢᠷᠠᠭᠤᠯᠤᠯᠲᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠪᠥᠬᠦ ᠵᠢᠯ ᠤᠨ 42 ᠭᠤᠤᠯ ᠴᠣᠭᠴᠠᠲᠤ ᠠᠩᠭᠢ ᠪᠠ ᠠᠯᠪᠠᠲᠠᠨ ᠤ ᠠᠩᠬ᠎ᠠ ᠲᠤᠰᠢᠶᠠᠯ ᠳᠤ ᠭᠠᠷᠬᠤ᠂ ᠲᠤᠰᠢᠶᠠᠯ ᠡᠭᠦᠷᠭᠡᠯᠡᠬᠦ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ ᠣᠷᠤᠭᠤᠯᠤᠨ᠎ᠠ᠃ ᠣᠳᠣᠬᠠᠨ ᠳᠤ ᠪᠣᠯᠲᠠᠯ᠎ᠠ᠂ ᠪᠥᠬᠦ ᠬᠤᠲᠠ ᠳᠤ ᠨᠡᠶᠢᠲᠡ 3.9 ᠲᠦᠮᠡᠨ ᠨᠠᠮ ᠤᠨ ᠭᠡᠰᠢᠭᠦᠨ ᠺᠠᠳ᠋ᠷ ᠲᠤᠰᠬᠠᠶ ᠰᠡᠳᠦᠪᠲᠦ ᠪᠣᠯᠪᠠᠰᠤᠷᠠᠯ ᠤᠨ ᠡᠭᠡᠯᠵᠢᠯᠡᠨ ᠪᠣᠯᠪᠠᠰᠤᠷᠠᠭᠤᠯᠬᠤ ᠳᠤ ᠣᠷᠣᠯᠴᠠᠪᠠ᠃ 102 ᠰᠠᠬᠢᠯᠭ᠎ᠠ ᠪᠠᠲᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠡᠭᠦᠳᠡᠯ ᠨᠠᠮ ᠤᠨ ᠭᠡᠰᠢᠭᠦᠨ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ᠂ ᠲᠠᠷᠠᠬᠠᠢ ᠪᠤᠲᠠᠷᠬᠠᠢ ᠰᠠᠭᠤᠷᠢᠰᠢᠯ ᠲᠠᠢ ᠮᠠᠯᠴᠢᠨ ᠨᠠᠮ ᠤᠨ ᠭᠡᠰᠢᠭᠦᠨ ᠳᠤ ᠰᠤᠷᠤᠯᠭ᠎ᠠ ᠶᠢ ᠲᠡᠳᠬᠦᠬᠦ ᠠᠵᠢᠯ ᠢ 4450 ᠬᠥᠮᠦᠨ ᠤᠳᠠᠭ᠎ᠠ ᠥᠷᠨᠢᠭᠦᠯᠵᠦ᠂ ᠰᠤᠷᠤᠯᠴᠠᠬᠤ ᠶᠣᠰᠣᠲᠠᠢ ᠶᠢ ᠨᠢ ᠵᠠᠪᠠᠯ ᠰᠤᠷᠤᠯᠴᠠᠭᠤᠯᠵᠤ᠂ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ︽ᠨᠢᠭᠡ ᠺᠣᠳ᠋ ᠢᠶᠠᠷ ᠨᠡᠪᠲᠡᠷᠡᠭᠦᠯᠬᠦ︾ ᠶᠢᠨ ᠰᠢᠨ᠎ᠡ ᠪᠠᠷ ᠡᠭᠦᠳᠴᠦ᠂ ᠲᠦᠷᠢᠮ ᠤᠨ ᠲᠠᠶᠢᠯᠤᠮᠵᠢ᠂ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ᠂ ᠥᠪᠡᠷᠲᠡᠭᠡᠨ ᠪᠠᠶᠢᠴᠠᠭᠠᠵᠤ ᠥᠪᠡᠷᠲᠡᠭᠡᠨ ᠬᠡᠮᠵᠢᠬᠦ 3 ᠬᠡᠰᠡᠭ ᠢ ᠬᠠᠮᠤᠷᠴᠤ᠂ ︽ᠲᠦᠷᠢᠮ︾ ᠤᠨ ᠡᠯᠧᠺᠳ᠋ᠷᠣᠨ ᠨᠣᠮ᠂ ᠡᠷᠬᠡ ᠰᠦᠷᠲᠦ ᠲᠠᠶᠢᠯᠤᠮᠵᠢ ᠶᠢᠨ 21 ᠬᠤᠭᠤᠴᠠᠭ᠎ᠠ᠂ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ ᠶᠢᠨ 25 ᠬᠤᠭᠤᠴᠠᠭ᠎ᠠ᠂ ᠥᠪᠡᠷ ᠢ ᠪᠠᠨ ᠰᠢᠯᠭᠠᠬᠤ ᠰᠡᠳᠦᠪ ᠤᠨ ᠬᠥᠮᠥᠷᠭᠡ ᠵᠡᠷᠭᠡ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠲᠠᠶᠢᠯᠪᠤᠷᠢᠯᠠᠯᠲᠠ ᠶᠢ ᠴᠢᠩᠭᠠᠳᠬᠠᠵᠤ᠂ ᠸᠢᠳᠢᠣ᠋᠂ ᠵᠢᠷᠤᠭ ᠪᠢᠴᠢᠭ ᠵᠡᠷᠭᠡ ᠤᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠶᠢ ᠴᠢᠩᠭᠠᠷᠠᠭᠤᠯᠵᠤ᠂ ᠡᠳᠦᠷ ᠪᠦᠷᠢ ᠠᠭᠤᠯᠭ᠎ᠠ ᠶᠢ ᠬᠥᠳᠡᠯᠦᠩᠭᠦᠢ ᠪᠠᠷ ᠰᠢᠨᠡᠳᠬᠡᠵᠦ᠂ ᠨᠠᠮ ᠤᠨ ᠭᠡᠰᠢᠭᠦᠨ᠂ ᠺᠠᠳ᠋ᠷ ᠤᠨ ᠴᠠᠭ ᠢᠮᠠᠭᠲᠠ ᠭᠠᠵᠠᠷ ᠪᠣᠯᠭᠠᠨ ᠳᠤ ᠰᠤᠷᠤᠯᠴᠠᠬᠤ᠂ ᠤᠭᠤᠷᠠᠭ ᠲᠠᠷᠢᠬᠢᠨ ᠳᠤ ᠪᠠᠨ ᠬᠠᠳᠠᠩᠰᠢᠭᠤᠯᠤᠨ ᠰᠤᠷᠤᠯᠴᠠᠬᠤ ᠳᠤ ᠳᠥᠭᠦᠮ ᠦᠵᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠡᠳᠦᠷ ᠲᠤᠳᠤᠮ ᠤᠨ ᠬᠡᠷᠡᠭᠯᠡᠭᠡᠨ ᠤ ᠰᠠᠨᠠᠮᠰᠠᠷ ᠦᠭᠡᠢ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠢᠳᠤᠷᠭᠤ ᠡᠷᠬᠢᠮᠯᠡᠭᠴᠢ᠂ ᠤᠬᠠᠮᠰᠠᠷ ᠠᠴᠠ ᠪᠠᠨ ᠵᠢᠷᠤᠮᠯᠠᠭᠴᠢ᠂ ᠡᠷᠡᠰ ᠪᠠᠲᠤ ᠬᠠᠮᠠᠭᠠᠯᠠᠭᠴᠢ ᠪᠤᠯᠵᠤ᠂ ᠴᠠᠭ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠵᠤ᠂ ᠭᠠᠵᠠᠷ ᠪᠣᠯᠭᠠᠨ ᠳᠤ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠣᠳᠠᠲᠠᠢ ᠶᠢ ᠡᠷᠬᠢᠮᠯᠡᠭᠰᠡᠨ ᠡᠭᠦᠷᠭᠡᠯᠡᠯ ᠢᠶᠠᠷ ᠪᠤᠭᠤᠲᠤ ᠶᠢᠨ ᠡᠷᠲᠡᠬᠡᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1