ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠬᠤᠲᠠ ᠶᠢᠨ ᠳᠡᠰ ᠤᠨ ᠪᠠᠶᠢᠴᠠᠭᠠᠨ ᠰᠤᠳᠤᠯᠤᠯᠲᠠ ᠶᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/5/22
        ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢ‍‌ᠡᠶ᠎ᠡ ᠬᠤᠲᠠ ᠶᠢᠨ ᠳᠡᠰ ᠤᠨ ᠪᠠᠶᠢᠴᠠᠭᠠᠨ ᠰᠤᠳᠤᠯᠤᠯᠲᠠ ᠶᠢ ᠬᠦᠯᠢᠶᠡᠨ ᠠᠪᠤᠪᠠ      ᠣᠶᠢᠷ᠎ᠠ ᠳᠤ᠂ ᠪᠠᠶᠠᠨᠨᠠᠭᠤᠷ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢ‍‌ᠡᠶ᠎ᠡ ᠶᠢᠨ ᠭᠡᠰᠢᠭᠦᠨ ᠭᠦᠸᠧ ᠽᠢ ᠰᠢᠶᠠᠩ᠂ ᠥᠪᠥᠷ ᠮᠣᠩᠭᠤᠯ ᠤᠨ ᠵᠢᠶᠠᠨ ᠠᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠬᠦᠢ ᠴᠢᠨ ᠨᠡᠷ ᠳ᠋ᠦᠩ ᠾᠧ ᠲᠣᠭᠤᠷᠢᠭ᠂ ᠵᠢᠦ ᠶᠤᠸᠠᠨ ᠲᠣᠭᠤᠷᠢᠭ ᠤᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮ ᠵᠢᠴᠢ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢ‍‌ᠡᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠶᠢᠨ ᠷᠦ᠋ ᠨᠠᠷ ᠬᠦᠯᠢᠶᠡᠨ ᠠᠪᠴᠤ ᠵᠣᠴᠢᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠵᠢᠦ ᠶᠤᠸᠠᠨ ᠲᠣᠭᠤᠷᠢᠭ ᠤᠨ ᠹᠦ᠋ ᠯᠢ ᠴᠧᠩ ᠤᠨ 24 ᠴᠠᠭ ᠤᠨ ᠳᠠᠬᠢᠯᠲᠠ ᠡᠬᠢ ᠪᠠᠶᠠᠯᠢᠭ ᠤᠨ ᠣᠶᠤᠨᠴᠢ ᠡᠭᠡᠭᠦᠯᠦᠨ ᠬᠤᠷᠢᠶᠠᠬᠤ ᠴᠡᠭ᠂ ᠪᠤᠭᠤᠲᠤ ᠬᠤᠲᠠ ᠶᠢᠨ ᠬᠤᠸᠠ ᠰᠢᠶᠠᠩ ᠳᠠᠬᠢᠯᠲᠠ ᠡᠬᠢ ᠪᠠᠶᠠᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠡᠭᠡᠭᠦᠯᠦᠨ ᠬᠤᠷᠢᠶᠠᠬᠤ ᠵᠢᠴᠢ ᠳᠠᠬᠢᠨ ᠠᠰᠢᠭᠯᠠᠬᠤ ᠪᠦᠬᠦ ᠭᠤᠭᠴᠤᠭ᠎ᠠ ᠶᠢᠨ ᠶᠠᠪᠤᠴᠠ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠤᠶᠠᠷ ᠲᠠᠯ᠎ᠠ ᠪᠠᠷ ᠢᠶᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ᠂ ᠬᠥᠭᠵᠢᠯᠲᠡ ᠶᠢᠨ ᠣᠳᠣᠬᠢ ᠪᠠᠶᠢᠳᠠᠯ᠂ ᠬᠥᠭᠵᠢᠯᠲᠡ ᠶᠢᠨ ᠠᠯᠤᠰ ᠢᠷᠡᠭᠡᠳᠦᠢ ᠵᠡᠷᠭᠡ ᠲᠠᠯ᠎ᠠ ᠪᠠᠷ ᠭᠦᠨᠵᠡᠭᠡᠢ ᠨᠡᠪᠲᠡᠷᠡᠯᠴᠡᠭᠰᠡᠨ ᠪᠥᠭᠡᠳ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1