ᠴᠡᠷᠢᠭ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠷᠲᠡᠭᠡᠨ ᠤ | ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ | ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠠᠵᠢᠯ ᠢ ᠥᠷᠨᠢᠭᠦᠯᠵᠦ᠂ ︽ᠭᠤᠷᠪᠠᠨ ᠰᠡᠳᠬᠢᠯ︾ ᠤᠨ | ᠠᠵᠢᠯ ᠤᠨ ᠠᠷᠭ᠎ᠠ ᠶᠢ ᠰᠤᠷᠤᠯᠴᠠᠬᠤ ᠶᠠᠷᠢᠯᠴᠠᠬᠤ ᠬᠤᠷᠠᠯ ᠢ ᠥᠷᠨᠢᠭᠦᠯᠪᠡ᠃ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ︽ᠭᠤᠷᠪᠠᠨ ᠰᠡᠳᠬᠢᠯ︾ ᠤᠨ ᠠᠵᠢᠯ ᠤᠨ ᠠᠷᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ | ︽ᠵᠣᠬᠢᠶᠠᠨ ᠪᠠᠶᠢᠭᠤᠯᠵᠤ ᠬᠠᠯᠠᠮᠵᠢᠯᠠᠬᠤ᠂ ᠠᠵᠢᠯᠯᠠᠭ᠎ᠠ ᠨᠢ ᠰᠡᠳᠬᠢᠯ ᠢ ᠨᠢᠭᠲᠠᠷᠠᠭᠤᠯᠬᠤ᠂ ᠬᠠᠪᠰᠤᠷᠤᠨ ᠲᠡᠳᠬᠦᠬᠦ ᠨᠢ | ᠰᠡᠳᠬᠢᠯ ᠢ ᠳᠤᠯᠠᠭᠠᠴᠠᠭᠤᠯᠬᠤ︾᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠴᠡᠷᠢᠭ ᠠᠴᠠ ᠬᠠᠯᠠᠭᠳᠠᠭᠰᠠᠳ ᠲᠤ ᠣᠨᠢᠨ ᠳᠡᠭᠡᠷ᠎ᠡ ᠨᠢ ᠦᠢᠯᠡᠴᠢᠯᠡᠬᠦ ᠠᠵᠢᠯ ᠤᠨ | ᠵᠠᠭᠪᠤᠷ ᠢ ᠪᠦᠬᠦ ᠬᠦᠴᠦᠨ ᠢᠶᠠᠷ ᠢᠶᠠᠨ ᠪᠣᠢ ᠪᠣᠯᠭᠠᠵᠤ᠂ ᠥᠷᠲᠡᠭᠡᠨ ᠤ ᠬᠤᠶᠢᠲᠤ ᠵᠠᠮ ᠤᠨ ᠨᠡᠶᠢᠭᠡᠮ ᠲᠣᠭᠤᠷᠢᠭ ᠤᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ︽ᠲᠠᠪᠤ ᠶᠢ ᠪᠦᠷᠢᠳᠦᠭᠦᠯᠬᠦ︾ ᠠᠴᠠ ︽ᠲᠠᠪᠤᠨ | ᠰᠢᠯᠢᠳᠡᠭ︾ ᠪᠣᠯᠤᠭᠰᠠᠨ ᠬᠤᠪᠢᠷᠠᠯᠲᠠ ᠶᠢ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠲᠤ ︽ᠭᠡᠷ︾ ᠤᠨ ᠬᠠᠶᠢᠷ᠎ᠠ | ᠰᠡᠳᠬᠢᠯᠭᠡ ᠶᠢ ᠮᠡᠳᠡᠷᠡᠭᠦᠯᠵᠦ᠂ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠨ᠎ᠠ᠃ | ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ᠃ ᠨᠢᠭᠡ ᠳᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠨᠠᠮ ᠤᠨ ᠭᠡᠰᠢᠭᠦᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠬᠡᠷᠡᠭᠵᠢᠭᠦᠯᠵᠦ᠂ ᠳᠥᠷᠪᠡᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠬᠡᠯᠬᠢᠶ᠎ᠡ ᠶᠢ ᠪᠦᠷᠢᠯᠳᠦᠭᠦᠯᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠢ | ᠪᠦᠬᠦᠨ ᠢ ᠰᠦᠯᠵᠢᠶᠡᠨ ᠤ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ︽ᠨᠢᠭᠡ ᠬᠥᠮᠦᠨ ᠳᠤ ᠨᠢᠭᠡ ᠳᠠᠩᠰᠠ | ᠡᠪᠬᠡᠮᠡᠯ︾ ᠵᠢᠴᠢ ︽ᠬᠦᠴᠢᠷᠳᠡᠯ ᠲᠠᠢ ᠭᠤᠮᠣᠳᠠᠯ ᠱᠠᠭᠠᠷᠳᠠᠯᠭ᠎ᠠ ᠶᠢᠨ ᠡᠬᠡ ᠳᠠᠩᠰᠠ︾ ᠶᠢ ᠪᠠᠶᠢᠭᠤᠯᠵᠤ᠂ | ᠦᠢᠯᠡᠴᠢᠯᠡᠭᠡᠨ ᠤ ᠥᠷᠲᠡᠭᠡ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ | ︽ᠦᠢᠯᠡᠴᠢᠯᠡᠭᠡᠨ ᠤ ᠥᠷᠲᠡᠭᠡ︾᠂ ᠬᠦᠰᠡᠯ ᠱᠠᠭᠠᠷᠳᠠᠯᠭ᠎ᠠ ᠪᠠᠨ ᠲᠤᠰᠬᠠᠬᠤ ︽ᠳᠥᠭᠦᠮ ᠳᠥᠲᠡ ᠥᠷᠲᠡᠭᠡ︾ ᠪᠣᠯᠭᠠᠨ | ᠪᠠᠶᠢᠭᠤᠯᠤᠨ᠎ᠠ᠃ ᠬᠤᠶᠠᠷ ᠲᠤ᠂ ᠰᠢᠨ᠎ᠡ ᠪᠠᠷ ᠰᠢᠯᠵᠢᠭᠦᠯᠦᠨ ᠣᠷᠣᠭᠤᠯᠤᠭᠰᠠᠨ ᠴᠡᠷᠢᠭ ᠠᠴᠠ ᠬᠠᠯᠠᠭᠳᠠᠭᠰᠠᠳ ᠲᠤ | ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠶᠢᠨ ᠬᠠᠮᠲᠤ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠢ | ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠣᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠᠷ | ᠳᠠᠮᠵᠢᠭᠤᠯᠵᠤ᠂ ᠴᠡᠷᠢᠭ ᠠᠴᠠ ᠬᠠᠯᠠᠭᠳᠠᠭᠰᠠᠳ ᠨᠢᠭᠡᠪᠦᠷᠢ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ | ᠬᠠᠯᠠᠮᠵᠢ ᠶᠢ ᠬᠦᠷᠲᠡᠭᠡᠨ᠎ᠡ᠃ | ᠠᠵᠢᠯᠯᠠᠭ᠎ᠠ ᠨᠢ ᠰᠡᠳᠬᠢᠯ ᠢ ᠲᠥᠪᠯᠡᠷᠡᠭᠦᠯᠵᠦ ᠨᠠᠮ ᠤᠨ ᠪᠠᠶᠢᠭᠤᠯᠤᠯᠲᠠ︽ᠱᠢᠨ᠎ᠡ ᠭᠠᠪᠢᠶ᠎ᠠ︾ ᠶᠢ ᠬᠥᠲᠥᠯ | ᠦᠨ᠎ᠡ᠃ ᠨᠢᠭᠡ ᠳᠤ ᠴᠡᠷᠢᠭ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ | ᠭᠦᠢᠴᠡᠳ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠵᠠᠭᠪᠤᠷ ᠢᠶᠠᠷ | ᠳᠠᠮᠵᠢᠭᠤᠯᠤᠨ᠂ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠪᠠᠷ ᠠᠴᠢᠶᠠᠯᠠᠪᠤᠷᠢ ᠪᠣᠯᠭᠠᠵᠤ᠂ ᠲᠣᠬᠤᠨᠢᠭᠤᠯᠤᠨ ᠬᠠᠯᠠᠮᠵᠢᠯᠠᠬᠤ᠂ ᠪᠣᠯᠪᠠᠰᠤᠨ ᠢ ᠡᠭᠦᠳᠦᠨ ᠪᠠᠶᠢᠭᠤᠯᠬᠤ᠂ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠳᠣ ᠪᠣᠯᠲᠠᠯ᠎ᠠ ᠨᠡᠶᠢᠲᠡ 7 ᠭᠠᠷᠤᠢ ᠤᠳᠠᠭ᠎ᠠ ᠠᠵᠢᠯᠯᠠᠭ᠎ᠠ | ᠥᠷᠨᠢᠭᠦᠯᠵᠦ᠂ ᠨᠡᠩ ᠣᠯᠠᠨ ᠴᠡᠷᠢᠭ ᠠᠴᠠ ᠬᠠᠯᠠᠭᠳᠠᠭᠰᠠᠳ ᠢ ᠰᠠᠶᠢᠨ ᠳᠤᠷ᠎ᠠ ᠶᠢᠨ ᠡᠩᠨᠡᠭᠡᠨ ᠳᠤ | ᠤᠬᠠᠮᠰᠠᠷ ᠠᠴᠠ ᠪᠠᠨ ᠣᠷᠣᠯᠴᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠰᠦᠷ ᠵᠢᠪᠬᠤᠭ᠎ᠠ ᠨᠢ ᠪᠠᠭᠤᠷᠠᠬᠤ ᠦᠭᠡᠢ | ᠰᠢᠯᠢᠳᠡᠭ ᠰᠤᠷᠲᠠᠯ ᠢ ᠢᠯᠡᠷᠡᠭᠦᠯᠪᠡ᠃ ᠬᠤᠶᠠᠷ ᠲᠤ᠂ ︽ᠴᠡᠷᠢᠭ ᠤᠨ ᠨᠠᠮ ᠤᠨ ᠡᠭᠦᠷ ᠤᠨ ᠱᠦᠵᠢ᠂ ᠴᠡᠷᠢᠭ ᠤᠨ | ᠭᠡᠰᠢᠭᠦᠨ︾ ᠢ ᠶᠡᠬᠡᠪᠡᠷ ᠬᠥᠮᠦᠵᠢᠭᠦᠯᠵᠦ᠂ ᠣᠷᠣᠨ ᠨᠤᠲᠤᠭ ᠲᠤ ᠴᠡᠷᠢᠭ ᠠᠴᠠ ᠬᠠᠯᠠᠭᠳᠠᠭᠰᠠᠳ ᠤᠨ ᠰᠢᠯᠢᠳᠡᠭ | ᠤᠯᠠᠮᠵᠢᠯᠠᠯ ᠪᠣᠯᠤᠨ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠦᠷᠭᠦᠯᠵᠢᠯᠡᠨ ᠭᠦᠢᠴᠡᠳ | ᠪᠠᠳᠠᠷᠠᠭᠤᠯᠵᠤ᠂ ᠲᠡᠳᠡᠨ ᠢ ᠴᠠᠭ ᠦᠶ᠎ᠡ ᠶᠢᠨ ᠬᠥᠭᠵᠢᠯᠲᠡ ᠪᠣᠯᠤᠨ ᠣᠷᠣᠨ ᠪᠦᠰᠡ ᠶᠢᠨ ᠬᠥᠭᠵᠢᠯᠲᠡ ᠲᠠᠢ | ᠵᠣᠬᠢᠴᠠᠭᠰᠠᠨ ᠴᠢᠳᠠᠪᠤᠷᠢᠲᠠᠨ ᠪᠣᠯᠭᠠᠨ ᠬᠥᠮᠦᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢ ᠠᠬᠢᠭᠤᠯᠬᠤ | ᠲᠤᠯᠭᠠᠭᠤᠷᠢ ᠬᠦᠴᠦᠨ ᠪᠣᠯᠭᠠᠨ᠎ᠠ᠃ ᠭᠤᠷᠪᠠ ᠳᠤ᠂ ᠨᠠᠮ ᠤᠨ ᠪᠠᠶᠢᠭᠤᠯᠤᠯᠲᠠ ᠪᠠᠷ ︽ᠴᠡᠷᠢᠭ︾ ᠤᠨ ᠭᠤᠣᠯ ᠰᠡᠳᠦᠪ ᠤᠨ | ᠲᠣᠭᠤᠷᠢᠨ ᠳᠤ᠂ ︽ᠴᠡᠷᠢᠭ︾ ᠤᠨ ᠣᠨᠴᠠᠯᠢᠭ ᠪᠠ ︽ᠭᠡᠷ︾ ᠤᠨ ᠠᠭᠤᠷ ᠠᠮᠢᠰᠬᠤᠯ ᠢ ᠴᠢᠩᠭᠠᠳᠬᠠᠵᠤ᠂ ᠴᠡᠷᠢᠭ ᠤᠨ | ᠦᠨᠦᠷ ᠠᠮᠲᠠ ᠪᠠᠷ ᠲᠡᠭᠦᠯᠳᠡᠷ ᠶᠠᠷᠢᠯᠴᠠᠬᠤ ᠬᠤᠷᠠᠯ᠂ ᠰᠣᠯᠢᠯᠴᠠᠭ᠎ᠠ ᠵᠡᠷᠭᠡ ᠠᠵᠢᠯᠯᠠᠭ᠎ᠠ ᠶᠢ ᠨᠢᠭᠡ | ᠴᠣᠭᠴᠠᠵᠢᠭᠤᠯᠤᠭᠰᠠᠨ ︽ᠴᠡᠷᠢᠭ ᠤᠨ ᠭᠡᠷ ᠪᠦᠯᠢ︾ ᠶᠢ ᠲᠣᠭᠲᠠᠭᠠᠵᠤ᠂ ᠵᠢᠯ ᠪᠦᠷᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ 2 - 4 ᠤᠳᠠᠭ᠎ᠠ ᠠᠵᠢᠯᠯᠠᠭ᠎ᠠ ᠥᠷᠨᠢᠭᠦᠯᠵᠦ᠂ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠃ | ᠳᠥᠷᠪᠡ ᠳᠤ᠂ ᠬᠤᠪᠢᠰᠬᠠᠯ ᠤᠨ ᠬᠥᠮᠦᠵᠢᠯ ᠢᠶᠠᠷ ᠭᠠᠷᠳᠠᠴᠠ ᠪᠣᠯᠭᠠᠵᠤ᠂ ᠬᠤᠪᠢᠰᠬᠠᠯ ᠤᠨ ᠦᠢᠯᠡᠴᠢᠯᠡᠭᠡ ᠪᠠᠷ | ᠭᠠᠷᠳᠠᠴᠠ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠤᠳᠬ᠎ᠠ ᠤᠷᠠᠯᠢᠭ ᠤᠨ ᠠᠵᠢᠯᠯᠠᠭ᠎ᠠ ᠶᠢ ᠥᠷᠨᠢᠭᠦᠯᠪᠡ︔ | ᠴᠡᠷᠢᠭ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠵᠢᠴᠢ ᠴᠡᠷᠢᠭ ᠠᠴᠠ ᠬᠠᠯᠠᠭᠳᠠᠭᠰᠠᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠬᠤᠪᠢᠰᠬᠠᠯ ᠤᠨ ᠬᠥᠮᠦᠵᠢᠯ ᠵᠡᠷᠭᠡ ᠭᠤᠣᠯ | ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠤᠯᠤᠰ ᠢᠶᠠᠨ ᠬᠠᠶᠢᠷᠠᠯᠠᠬᠤ ᠬᠠᠯᠠᠭᠤᠨ | ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠪᠠ᠃ | ᠬᠠᠪᠰᠤᠷᠤᠨ ᠲᠡᠳᠬᠦᠬᠦ ᠰᠡᠳᠬᠢᠯ ᠢ ᠳᠤᠯᠠᠭᠠᠴᠠᠭ ᠣᠯᠵᠤ︽ᠬᠠᠷᠢᠶᠠᠯᠠᠭᠳᠠᠬᠤ ᠲᠥᠷᠥᠭᠳᠡᠯ︾ ᠨᠢᠭᠡ ᠳᠤ | ︽ᠳᠥᠷᠪᠡ ᠶᠢ ᠬᠦᠨᠳᠦᠳᠬᠡᠬᠦ᠂ ᠲᠠᠪᠤ ᠶᠢ ᠬᠠᠯᠠᠮᠵᠢᠯᠠᠬᠤ᠂ ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠡᠷᠢᠭ ᠠᠴᠠ ᠬᠠᠯᠠᠭᠳᠠᠭᠰᠠᠳ ᠢ ᠪᠠᠲᠤᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠣᠳᠣ ᠪᠣᠯᠲᠠᠯ᠎ᠠ ᠴᠡᠷᠢᠭ ᠠᠴᠠ ᠬᠠᠯᠠᠭᠳᠠᠭᠰᠠᠳ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 57 ᠬᠤᠪᠢ ᠲᠠᠷᠬᠠᠭᠠᠪᠠ︔ ᠬᠠᠷᠠᠭᠠᠯᠵᠠᠯ ᠤᠨ | ᠦᠨᠡᠮᠯᠡᠯ ᠤᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠭᠤᠶᠤᠴᠢᠯᠠᠨ ᠠᠪᠬᠤ ᠤᠬᠠᠭᠤᠯᠭ᠎ᠠ ᠶᠢᠨ ᠠᠵᠢᠯᠯᠠᠭ᠎ᠠ ᠶᠢ | ᠪᠦᠬᠦ ᠲᠠᠯ᠎ᠠ ᠪᠠᠷ ᠥᠷᠨᠢᠭᠦᠯᠵᠦ᠂ ᠬᠠᠮᠢᠶ᠎ᠠ ᠪᠦᠬᠦᠢ ᠤᠬᠠᠭᠤᠯᠭ᠎ᠠ ᠶᠢᠨ ᠭᠠᠷ ᠳᠡᠪᠲᠡᠷ ᠢ 50 ᠭᠠᠷᠤᠢ ᠬᠤᠪᠢ | ᠲᠠᠷᠬᠠᠭᠠᠪᠠ︔ ᠬᠠᠷᠠᠭᠠᠯᠵᠠᠯ ᠤᠨ ᠦᠨᠡᠮᠯᠡᠯ ᠢ ᠭᠤᠶᠤᠴᠢᠯᠠᠨ ᠠᠪᠴᠤ ᠳᠠᠭᠤᠰᠬᠠᠭᠰᠠᠨ ᠨᠣᠷᠮ᠎ᠠ 85% ᠳᠤ ᠬᠦᠷᠪᠡ᠃ | ᠬᠤᠶᠠᠷ ᠲᠤ᠂ ᠠᠰᠠᠷᠠᠨ ᠬᠠᠷᠠᠭᠠᠯᠵᠠᠬᠤ ᠡᠲᠡᠭᠡᠳ ᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠠᠵᠢᠯ ᠢ ᠰᠠᠶᠢᠲᠤᠷ | ᠬᠢᠵᠦ᠂ ᠠᠮᠢᠳᠤᠷᠠᠯ ᠤᠨ ᠲᠤᠰᠠᠯᠠᠮᠵᠢ᠂ ᠡᠮᠴᠢᠯᠡᠭᠡᠨ ᠤ ᠲᠤᠰᠠᠯᠠᠮᠵᠢ ᠵᠢᠴᠢ ᠣᠷᠣᠨ ᠰᠠᠭᠤᠴᠠ ᠶᠢᠨ ᠲᠤᠰᠠᠯᠠᠮᠵᠢ ᠶᠢ | ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠵᠢᠴᠢ ᠡᠮᠨᠡᠯᠭᠡ ᠳᠤ ᠰᠠᠭᠤᠵᠤ ᠳᠠᠩᠰᠠ ᠲᠠᠶᠢᠯᠬᠤ | ᠵᠡᠷᠭᠡ ᠲᠠᠯ᠎ᠠ ᠶᠢᠨ ᠬᠦᠴᠢᠷᠳᠡᠯ ᠢ ᠰᠢᠢᠳᠪᠦᠷᠢᠯᠡᠵᠦ᠂ ᠵᠢᠯ ᠤᠨ ᠳᠣᠲᠣᠷ᠎ᠠ ᠬᠦᠴᠢᠷᠳᠡᠯᠲᠡᠢ ᠴᠡᠷᠢᠭ ᠠᠴᠠ | ᠬᠠᠯᠠᠭᠳᠠᠭᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 1 ᠬᠥᠮᠦᠨ ᠢ ᠲᠤᠰᠠᠯᠠᠨ᠎ᠠ᠃ | ᠥᠷᠲᠡᠭᠡᠨ ᠤ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠨᠢ ︽ᠭᠤᠷᠪᠠᠨ ᠰᠡᠳᠬᠢᠯ︾ ᠤᠨ ᠠᠵᠢᠯ ᠤᠨ ᠠᠷᠭ᠎ᠠ ᠪᠠᠷ ᠦᠢᠯᠡᠴᠢᠯᠡᠭᠡᠨ ᠤ | ᠥᠷᠲᠡᠭᠡ ᠪᠠᠨ ᠤᠬᠠᠭᠤᠯᠵᠤ ᠬᠥᠲᠥᠯᠥᠨ ᠵᠢᠯᠣᠭᠤᠳᠬᠤ᠂ ᠦᠢᠯᠡᠴᠢᠯᠡᠭᠡᠨ ᠤ ᠪᠠᠲᠤᠯᠠᠭ᠎ᠠ᠂ ᠡᠷᠬᠡ ᠠᠰᠢᠭ ᠢ | ᠬᠠᠮᠠᠭᠠᠯᠠᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠨᠢᠭᠡ ᠥᠷᠲᠡᠭᠡ ᠮᠠᠶ᠋ᠢᠭ ᠤᠨ | ᠦᠢᠯᠡᠴᠢᠯᠡᠭᠡᠨ ᠤ ᠥᠷᠲᠡᠭᠡ ᠴᠡᠭ ᠪᠣᠯᠭᠠᠨ ᠪᠠᠶᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠪᠦᠬᠦ | ᠲᠠᠯ᠎ᠠ ᠶᠢᠨ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠳᠠᠷᠠᠭᠠᠴᠢ ᠶᠢᠨ ᠠᠯᠬᠤᠮ ᠳᠤ᠂ ᠥᠷᠲᠡᠭᠡᠨ ᠤ ᠬᠤᠶᠢᠲᠤ ᠵᠠᠮ ᠤᠨ | ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠲᠤᠰ ᠪᠡᠶ᠎ᠡ ᠶᠢᠨ | ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠶᠢ ᠡᠭᠦᠳᠴᠦ᠂ ᠨᠠᠷᠢᠯᠢᠭ ᠣᠨᠣᠴᠠᠲᠠᠢ ᠪᠠᠷ | ᠦᠢᠯᠡᠴᠢᠯᠡᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢ ᠦᠢᠯᠡᠴᠢᠯᠡᠭᠡᠨ ᠤ ᠬᠠᠮᠢᠶᠠᠷᠤᠯᠲᠠ ᠪᠣᠯᠭᠠᠭᠰᠠᠨ | ᠥᠪᠡᠷᠮᠢᠴᠡ ᠣᠨᠴᠠᠯᠢᠭ ᠲᠠᠢ ᠭᠢᠯᠠᠰ ᠴᠡᠭ ᠢ ᠪᠣᠢ ᠪᠣᠯᠭᠠᠵᠤ᠂ ᠬᠠᠷᠢᠶᠠᠲᠤ ᠣᠷᠣᠨ ᠤ ᠴᠡᠷᠢᠭ ᠠᠴᠠ | ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠪᠣᠯᠭᠠᠵᠤ᠂ ᠲᠤᠰ ᠪᠡᠶ᠎ᠡ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠢᠶᠠᠨ ᠦᠨᠡᠨ ᠬᠦ ᠨᠠᠷᠢᠯᠢᠭ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠢ ᠴᠡᠷᠢᠭ ᠠᠴᠠ ᠬᠠᠯᠠᠭᠳᠠᠭᠰᠠᠳ ᠤᠨ ᠡᠳᠦᠷ ᠲᠤᠲᠤᠮ ᠤᠨ ᠦᠢᠯᠡᠴᠢᠯᠡᠭᠡᠨ ᠤ | ᠪᠠᠲᠤᠯᠠᠭ᠎ᠠ ᠳᠤ ᠠᠭᠤᠰᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ | ᠨᠡᠪᠲᠡᠷᠡᠭᠦᠯᠦᠨ᠎ᠡ᠃ |