ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 2023 ᠣᠨ ᠤ ᠬᠢᠨᠠᠨ ᠰᠢᠯᠭᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/22
    1ᠰᠠᠷ᠎ᠠ ᠶᠢᠨ 16 ᠤ ᠡᠳᠦᠷ᠂ ᠳ᠋ᠦᠩ ᠾᠧ ᠲᠣᠭᠤᠷᠢᠭ ᠤᠨ ᠨᠠᠮ ᠤᠨ ᠬᠤᠷᠢ‍‌ᠡᠶ᠎ᠡ ᠶᠢᠨ ᠳᠥᠷᠪᠡᠳᠦᠭᠡᠷ ᠬᠢᠨᠠᠨ ᠰᠢᠯᠭᠠᠬᠤ ᠳᠤᠭᠤᠶᠢᠯᠠᠩ ᠠᠴᠠ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ 2023 ᠣᠨ ᠤ ᠬᠢᠨᠠᠨ ᠰᠢᠯᠭᠠᠯᠲᠠ ᠥᠷᠨᠢᠭᠦᠯᠪᠡ᠃ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠠᠰᠤᠭ ᠤᠨ ᠠᠯᠪᠠᠨ ᠭᠡᠷ᠂ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠢᠨᠠᠨ ᠰᠢᠯᠭᠠᠬᠤ ᠳᠤᠭᠤᠶᠢᠯᠠᠩ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᡁᠢ ᠴᠢᠶᠠᠩ ᠨᠥᠬᠦᠷ ᠤᠨ 2023 ᠣᠨ ᠤ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯ ᠤᠨ ᠳ᠋ᠦᠩᠨᠡᠯᠲᠡ ᠶᠢ ᠰᠣᠨᠣᠰᠤᠭᠰᠠᠨ ᠪᠥᠭᠡᠳ ᠶᠡᠭᠡ ᠠᠩᠭᠢ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ᠂ ᠬᠠᠤᠯᠢ ᠪᠠᠷ ᠣᠷᠣᠨ ᠢᠶᠠᠨ ᠵᠠᠰᠠᠬᠤ ᠪᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠪᠠᠶᠢᠴᠠᠭᠠᠨ ᠦᠵᠡᠬᠦ ᠶᠢᠨ ᠬᠠᠮᠲᠤ ᠤᠳᠤᠷᠢᠳᠤᠯᠭ᠎ᠠ ᠪᠠ ᠳᠤᠮᠳᠠ ᠳᠠᠪᠬᠤᠷᠭ᠎ᠠ ᠶᠢᠨ ᠺᠠᠳ᠋ᠷ ᠲᠠᠢ ᠲᠤᠰ ᠲᠤᠰ ᠶᠠᠷᠢᠯᠴᠠᠵᠤ᠂ ᠤᠳᠤᠷᠢᠳᠬᠤ ᠪᠠᠭ ᠤᠨ ᠠᠵᠢᠯᠯᠠᠭᠠᠨ ᠵᠢᠴᠢ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠤᠰ ᠤᠳᠠᠭᠠᠨ ᠤ ᠬᠢᠨᠠᠨ ᠰᠢᠯᠭᠠᠯᠲᠠ ᠪᠠᠷ ᠳᠠᠮᠵᠢᠨ᠂ 2023 ᠣᠨ ᠤ ᠠᠵᠢᠯ ᠤᠨ ᠪᠠᠶᠢᠳᠠᠯ ᠢ ᠤᠯᠠᠮ ᠨᠢᠭᠡ ᠠᠯᠬᠤᠮ ᠡᠮᠬᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ 2024 ᠣᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠪᠠ᠃ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠣᠳᠣᠬᠢᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠰᠠᠶᠢᠲᠤᠷ ᠬᠠᠮᠢᠶᠠᠷᠬᠤ᠂ ᠴᠢᠯᠥᠭᠡᠲᠡᠢ ᠲᠠᠯᠪᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ︽ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ︾ ᠶᠢ ᠶᠡᠬᠡᠪᠡᠷ ᠬᠡᠷᠡᠭᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠨᠡᠨᠬᠦ ᠵᠠᠰᠠᠮᠠᠯ ᠵᠠᠮ ᠳᠡᠭᠡᠷ᠎ᠡ ᠢᠯᠡᠷᠡᠭᠦᠯᠵᠦ᠂ ᠣᠯᠠᠨ ᠲᠦᠮᠡᠨ ᠤ ᠳᠡᠷᠭᠡᠳᠡ ᠢᠯᠡᠷᠡᠭᠦᠯᠵᠦ᠂ ᠬᠤᠲᠠ ᠶᠢᠨ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠵᠤ᠂ ᠬᠤᠲᠠ ᠶᠢ ᠨᠡᠩ ᠢᠯᠡᠭᠦᠦ ︽ᠤᠲᠤᠭ᠎ᠠ ᠶᠢᠨ ᠭᠠᠯ︾ ᠲᠠᠢ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1