ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/23
     5 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ᠂ ᠰᠠᠯᠠᠭ᠎ᠠ ᠮᠥᠴᠢᠷ ᠨᠢᠭᠡᠴᠢ᠂ ᠵᠡᠭᠡᠯᠢ ᠪᠠᠯᠭᠠᠰᠤ ᠨᠠᠷᠢᠨ ᠨᠢᠮᠪᠠᠶ ᠰᠤᠳᠤᠯᠵᠤ᠂ ᠨᠠᠷᠢᠨ ᠬᠢᠨᠠᠮᠠᠭᠠᠶ ᠰᠤᠷᠤᠯᠴᠠᠵᠤ᠂ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠵᠢᠯᠣᠭᠤᠳᠣᠯᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠡᠮ ᠡᠮᠨᠡᠯᠭᠡ ᠶᠢᠨ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮ ᠡᠮᠨᠡᠯᠭᠡ ᠶᠢᠨ ᠥᠨᠳᠦᠷᠯᠢᠭ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠭ ᠲᠤ ᠰᠠᠭᠤᠭ᠎ᠠ ᠬᠤᠳᠠ ᠶᠢᠨ ᠬᠠᠷᠢᠶ᠎ᠠ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠳ᠋ᠦᠩ ᠾᠧ ᠶᠢᠨ ᠣᠨᠴᠠᠯᠢᠭ ᠢ ᠢᠯᠡᠷᠡᠭᠦᠯᠦᠭᠰᠡᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠵᠤ᠂ ᠤᠯᠠᠨ ᠲᠦᠮᠡᠨ ᠤ ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠰᠠᠶᠢᠨ᠂ ᠡᠪᠡᠳᠴᠢᠨ ᠦᠵᠡᠭᠦᠯᠬᠦ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ︽ᠭᠤᠷᠪᠠᠨ ᠭᠤᠣᠯ ᠶᠠᠰᠤ ᠴᠢᠨᠠᠷ︾ ᠢ ᠳᠡᠭᠡᠭᠰᠢᠯᠡᠭᠦᠯᠬᠦ ᠶᠢᠨ ᠲᠣᠭᠤᠷᠢᠨ ᠳᠤ ᠤᠯᠤᠰ ᠲᠦᠷᠦ ᠪᠠᠷ ᠬᠦᠳᠦᠯᠦᠨ ᠳᠠᠭᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠩᠨᠡᠭᠡ ᠶᠢᠨ ᠪᠠᠶᠢᠭᠤᠯᠤᠯᠲᠠ᠂ ᠡᠬᠢ ᠪᠠᠶᠠᠯᠢᠭ ᠤᠨ ᠳᠤᠬᠢᠷᠠᠭᠤᠯᠤᠯᠳᠠ ᠵᠡᠷᠭᠡ ᠭᠤᠣᠯᠳᠠᠯᠭ᠎ᠠ ᠲᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳ᠋ᠦᠩ ᠾᠧ ᠲᠣᠭᠤᠷᠢᠭ ᠤᠨ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠷᠢᠯᠢᠬᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠬᠡᠪ ᠤᠨ ᠬᠠᠮᠢᠶᠠᠷᠤᠯᠲᠠ ᠶᠢᠨ ᠠᠵᠢᠯ ᠢ ᠭᠦᠨᠵᠡᠭᠡᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ᠂ ᠨᠢᠭᠡᠴᠡ᠂ ᠵᠡᠭᠡᠯᠢ ᠪᠠᠯᠭᠠᠰᠤ ᠶᠢᠨ ᠦᠢᠯᠡᠳᠦᠯ ᠢ ᠨᠢᠭᠡᠳᠦᠯᠲᠡᠢ ᠲᠥᠯᠥᠪᠵᠢᠭᠦᠯᠦᠨ ᠪᠠᠳᠠᠷᠠᠭᠤᠯᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠨᠠᠷᠢᠯᠢᠬᠵᠢᠭᠤᠯᠤᠨ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠠᠵᠠᠷ ᠣᠷᠣᠨ ᠤ ᠬᠤᠳᠠ ᠬᠥᠳᠡᠭᠡ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1