ᠸᠠᠩ ᠷᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/23
      5 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠤᠯᠬᠤ ᠬᠠᠳᠠᠢ ᠲᠣᠰᠬᠤᠨ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃ᠸᠠᠩ ᠷᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠰᠠᠷᠠᠴᠢᠨ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠲᠠᠢ ᠭᠦᠨᠵᠡᠭᠡᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠴᠠᠢ᠃      ᠸᠠᠩ ᠷᠦᠢ ᠬᠡᠯᠡᠬᠦ ᠳᠡᠭᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠪᠢᠳᠡᠨ ᠤ ᠡᠷᠬᠡᠪᠰᠢ ᠰᠠᠶᠢᠲᠤᠷ ᠪᠡᠶᠡᠯᠡᠭᠦᠯᠬᠦ ᠤᠯᠤᠰ ᠲᠦᠷᠦ ᠶᠢᠨ ᠡᠭᠦᠷᠭᠡ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠦᠲᠦᠮᠵᠢᠲᠡᠢ ᠠᠬᠢᠭᠤᠯᠵᠤ᠂ ᠠᠰᠠᠭᠤᠳᠠᠯ ᠢ ᠣᠨᠣᠪᠴᠢᠲᠠᠢ ᠪᠠᠶᠢᠴᠠᠭᠠᠨ ᠳᠣᠲᠣᠯᠠᠬᠤ ᠶᠢ ᠴᠢᠬᠤᠯᠠᠴᠢᠯᠠᠵᠤ᠂ ᠳᠡᠷᠭᠡᠳᠡᠬᠢ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠳᠡᠷᠭᠡᠳᠡᠬᠢ ᠬᠥᠮᠦᠰ ᠲᠤ ᠰᠡᠷᠡᠮᠵᠢᠯᠡᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠷᠭᠦᠯᠵᠢᠯᠡᠨ ᠴᠢᠳᠠᠪᠤᠷᠢ ᠣᠯᠭᠤᠵᠤ᠂ ︽ᠨᠡᠮᠡᠬᠦ ᠠᠷᠭ᠎ᠠ︾᠂ ︽ᠬᠠᠰᠤᠬᠤ ᠠᠷᠭ᠎ᠠ︾ ᠶᠢ ᠬᠠᠮᠲᠤ ᠳᠤᠨᠢ ᠬᠢᠬᠦ ᠶᠢ ᠪᠠᠷᠢᠮᠲᠠᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠬᠥᠮᠦᠨ᠂ ᠡᠳ᠋᠂ ᠪᠣᠳᠠᠰ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠵᠦᠢᠯᠡᠰ ᠢ ᠪᠠᠭᠠᠰᠬᠠᠬᠤ᠂ ᠫᠠᠶᠢᠰᠠ ᠶᠢ ᠬᠠᠰᠤᠬᠤ᠂ ᠭᠡᠷᠡᠴᠢᠯᠡᠬᠦ ᠶᠢ ᠬᠦᠴᠦᠯᠡᠨ ᠪᠠᠭᠠᠰᠬᠠᠵᠤ᠂ ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠢ ᠨᠠᠩ ᠣᠯᠠᠨ ᠴᠠᠭ ᠪᠠ ᠬᠦᠴᠦᠨ ᠴᠢᠳᠠᠯ ᠢᠶᠠᠨ ᠭᠠᠷᠭᠠᠵᠤ ᠡᠷᠦᠬᠡ ᠳᠤ ᠬᠦᠷᠴᠦ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠶᠤᠯ ᠲᠦᠭᠰᠢᠭᠦᠷᠢ ᠶᠢᠨ ᠴᠡᠭ ᠢ ᠪᠦᠬᠦ ᠲᠠᠯ᠎ᠠ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠤᠳᠤᠷᠢᠳᠤᠯᠭ᠎ᠠ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠨ ᠴᠡᠭᠴᠡᠯᠡᠨ ᠵᠠᠰᠠᠬᠤ ᠶᠢ ᠠᠳᠬᠤᠵᠤ᠂ ᠭᠤᠷᠪᠠᠨ ᠵᠦᠢᠯ ᠤᠨ ᠠᠵᠢᠯ ᠢ ᠬᠠᠮᠵᠢᠯᠴᠠᠨ ᠠᠬᠢᠭᠤᠯᠵᠤ᠂ ᠦᠷ᠎ᠡ ᠪᠦᠲᠦᠮᠵᠢ ᠶᠢ ᠤᠯᠠᠨ ᠲᠦᠮᠡᠨ ᠳᠤ ᠮᠡᠳᠡᠷᠡᠭᠦᠯᠬᠦ ᠬᠡᠷᠡᠭᠲᠡᠢ᠃        ᠲᠣᠭᠤᠷᠢᠭ ᠤᠨ ᠤᠳᠤᠷᠢᠳᠤᠯᠭ᠎ᠠ ᠸᠠᠩ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1