ᠳ᠋ᠦᠩ ᠰᠢᠩ ᠵᠡᠭᠡᠯᠢ ᠭᠤᠳᠤᠮᠵᠢ ᠶᠢᠨ ᠪᠦᠦ ᠬᠥᠩᠭᠡᠨᠴᠠᠭᠠᠨ ᠤ ᠠᠮᠤᠷ ᠠᠮᠤᠭᠤᠯᠠᠩ ᠨᠡᠶᠢᠭᠡᠮ ᠲᠣᠭᠤᠷᠢᠭ ︽ᠠᠯᠪᠠᠨ ᠵᠢᠷᠤᠮ ᠤᠨ ᠡᠮᠴᠢᠯᠡᠭᠡ ᠬᠢᠵᠦ ᠡᠷᠡᠭᠦᠯ ᠮᠡᠨᠳᠦ ᠶᠢ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 22 ᠤᠨ ᠡᠳᠦᠷ᠂ ᠳ᠋ᠦᠩ ᠰᠢᠩ ᠵᠡᠭᠡᠯᠢ ᠭᠤᠳᠤᠮᠵᠢ ᠶᠢᠨ ᠪᠦᠦ ᠬᠥᠩᠭᠡᠨᠴᠠᠭᠠᠨ ᠤ ᠠᠮᠤᠷ ᠠᠮᠤᠭᠤᠯᠠᠩ ᠨᠡᠶᠢᠭᠡᠮ ᠲᠣᠭᠤᠷᠢᠭ ᠵᠤᠵᠠᠭᠠᠨ ᠡᠮ ᠤᠨ ᠳᠡᠯᠭᠡᠭᠦᠷ ᠲᠠᠢ ᠬᠠᠮᠲᠤᠷᠠᠨ ︽ᠠᠯᠪᠠᠨ ᠵᠢᠷᠤᠮ ᠤᠨ ᠡᠮᠴᠢᠯᠡᠭᠡ ᠪᠠᠷ ᠡᠷᠡᠭᠦᠯ ᠮᠡᠨᠳᠦ ᠶᠢ ᠳᠤᠯᠠᠭᠠᠴᠠᠭᠤᠯᠵᠤ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢ ᠰᠦᠶ᠋ᠳᠬᠡᠯ ᠬᠤᠷᠢᠶᠠᠬᠤ ᠥᠬᠡᠶ ᠪᠠᠷ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠰᠢᠭᠡᠰᠦᠨ ᠬᠦᠴᠢᠯ ᠪᠠ ᠡᠷᠡᠭᠦᠯ ᠮᠡᠨᠳᠦ ᠪᠠᠷ ᠡᠮ ᠬᠡᠷᠡᠭᠯᠡᠬᠦ ᠠᠰᠠᠭᠤᠨ ᠯᠠᠪᠯᠠᠬᠤ ᠦᠢᠯᠡᠴᠢᠯᠡᠭᠡ ᠬᠠᠩᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠪᠠ ᠪᠠᠶᠢᠴᠠᠭᠠᠯᠲᠠ ᠬᠢᠬᠦ ᠪᠠᠷ ᠢᠷᠡᠭᠰᠡᠨ ᠰᠠᠭᠤᠭᠠᠯᠢ ᠠᠷᠠᠳ ᠨᠢᠭᠡᠪᠦᠷᠢ ᠶᠢ ᠬᠦᠯᠢᠴᠡᠩᠭᠦᠢ ᠪᠠᠷ ᠬᠦᠯᠢᠶᠡᠨ ᠠᠪᠴᠤ᠂ ᠲᠡᠳᠡᠨ ᠳᠤ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ᠂ ᠰᠢᠭᠡᠰᠦᠨ ᠬᠦᠴᠢᠯ ᠵᠡᠷᠭᠡ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠠᠰᠠᠭᠤᠨ ᠯᠠᠪᠯᠠᠬᠤ ᠪᠠᠷ ᠢᠷᠡᠭᠰᠡᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠢᠭᠡᠳ ᠨᠢᠭᠡ ᠪᠠᠷ ᠨᠠᠷᠢᠨ ᠲᠣᠳᠣᠷᠬᠠᠶ ᠬᠠᠷᠢᠭᠤᠯᠲᠠ ᠥᠭᠴᠦ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠬᠦ ᠶᠢᠨ ᠬᠠᠮᠲᠤ ᠡᠮᠴᠢᠯᠡᠭᠡᠨ ᠤ ᠲᠥᠰᠦᠯ ᠪᠠ ᠰᠠᠨᠠᠭᠤᠯᠭ᠎ᠠ ᠳᠤᠷᠠᠳᠴᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ ᠠᠵᠢᠯᠲᠠᠳ ᠲᠤᠬᠠᠶ ᠶᠢᠨ ᠲᠠᠯᠠᠪᠠᠶ ᠳᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯᠯᠠᠭ᠎ᠠ ᠳᠤ ᠣᠷᠣᠯᠴᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠤᠯᠠᠨ ᠡᠭᠦᠰᠳᠡᠭ ᠡᠪᠡᠳᠴᠢᠨ ᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠪᠠ᠃
    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠣᠯᠠᠨ ᠤ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠪᠡ᠃ ᠨᠡᠶᠢᠭᠡᠮ ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠯᠠᠨ ᠤ ᠡᠷᠡᠭᠦᠯ ᠮᠡᠨᠳᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ ᠬᠤᠶᠢᠰᠢᠳᠠ᠂ ᠳ᠋ᠦᠩ ᠰᠢᠩ ᠵᠡᠭᠡᠯᠢ ᠭᠤᠳᠤᠮᠵᠢ ᠶᠢᠨ ᠪᠦᠦ ᠬᠥᠩᠭᠡᠨᠴᠠᠭᠠᠨ ᠤ ᠠᠮᠤᠷ ᠠᠮᠤᠭᠤᠯᠠᠩ ᠨᠡᠶᠢᠭᠡᠮ ᠲᠣᠭᠤᠷᠢᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠭᠤᠭᠠᠯᠢ ᠠᠷᠠᠳ ᠤᠨ ᠪᠠᠴᠢᠮ ᠬᠡᠷᠡᠭᠴᠡᠭᠡ ᠶᠢ ᠣᠨᠣᠪᠴᠢᠲᠠᠶ ᠣᠯᠵᠤ᠂ ᠡᠯ᠎ᠡ ᠲᠥᠷᠥᠯ ᠤᠨ ᠦᠢᠯᠡᠴᠢᠯᠡᠭᠡᠨ ᠤ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1