ᠲᠦᠩ ᠪᠸᠢ ᠪᠠᠭ᠎ᠠ ᠲᠣᠭᠤᠷᠢᠭ ᠪᠣᠯᠤᠨ ᠮᠠ ᠸᠠᠩ ᠮᠢᠶᠣᠣ ᠪᠠᠭ᠎ᠠ ᠲᠣᠭᠤᠷᠢᠭ ᠨᠢ ᠪᠦᠷ ᠬᠠᠭᠤᠴᠢᠨ | ᠵᠡᠭᠡᠯᠢ ᠶᠢᠨ ᠵᠢᠵᠢᠭ ᠲᠣᠭᠤᠷᠢᠭ ᠪᠣᠯᠤᠨ᠎ᠠ᠂ ᠡᠷᠬᠢᠨ ᠲᠣᠭᠤᠷᠢᠨ ᠤ ᠳᠡᠯᠭᠡᠭᠦᠷ ᠨᠡᠯᠢᠶᠡᠳ ᠣᠯᠠᠨ ᠪᠣᠯᠬᠤᠷ ᠬᠠᠭᠤᠴᠢᠨ | ᠵᠢᠵᠢᠭ ᠲᠣᠭᠤᠷᠢᠭ ᠢ ᠥᠭᠡᠷᠡᠴᠢᠯᠡᠭᠰᠡᠨ ᠤ ᠳᠠᠷᠠᠭ᠎ᠠ ᠶᠡᠷᠦ ᠨᠢ ᠶᠡᠭᠡ ᠡᠭᠦᠳᠡ ᠤᠭᠰᠠᠷᠠᠭᠰᠠᠨ ᠦᠭᠡᠢ ᠠᠴᠠ ᠪᠣᠯᠵᠤ᠂ | ᠭᠠᠳᠠᠨ᠎ᠠ ᠠᠴᠠ ᠢᠷᠡᠭᠰᠡᠨ ᠲᠡᠷᠭᠡ ᠬᠥᠰᠬᠡ ᠶᠢ ᠵᠠᠷᠢᠮ ᠦᠶ᠎ᠡ ᠳᠤ ᠵᠢᠵᠢᠭ ᠲᠣᠭᠤᠷᠢᠭ ᠲᠤ ᠵᠣᠭᠰᠣᠵᠤ᠂ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠭᠰᠠᠨ ᠪᠥᠭᠡᠳ ᠤᠤᠯ ᠤᠨ ᠪᠠᠶᠢᠭᠰᠠᠨ ᠥᠷᠭᠡᠨ ᠠᠭᠤᠳᠠᠮ ᠪᠤᠰᠤ | ᠵᠢᠵᠢᠭ ᠲᠣᠭᠤᠷᠢᠭ ᠤᠨ ᠬᠤᠭᠤᠰᠣᠨ ᠭᠠᠵᠠᠷ ᠢ ᠨᠠᠩ ᠰᠢᠬᠠᠵᠤ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ | ᠬᠡᠪ ᠤᠨ ᠪᠠᠶᠢᠳᠠᠯ ᠢ ᠨᠥᠯᠥᠭᠡᠯᠡᠵᠦ᠂ ᠬᠡᠰᠡᠭ ᠵᠢᠵᠢᠭ ᠲᠣᠭᠤᠷᠢᠭ ᠤᠨ ᠥᠮᠴᠢᠲᠡᠨ ᠨᠢ ᠨᠠᠩ ᠴᠤ ᠲᠡᠷᠭᠡ ᠤᠨᠤᠭ᠎ᠠ ᠪᠠᠨ | ᠬᠦᠷᠢᠶᠡᠨ ᠳᠣᠲᠣᠷ᠎ᠠ ᠵᠣᠭᠰᠣᠭᠠᠵᠤ ᠳᠡᠶᠢᠯᠬᠦ ᠦᠭᠡᠢ᠂ ᠰᠠᠭᠤᠭᠠᠯᠢ ᠠᠷᠠᠳ ᠲᠤ ᠬᠦᠴᠢᠷᠳᠡᠯ ᠤᠴᠠᠷᠠᠭᠤᠯᠵᠤ᠂ ᠮᠠᠰᠢ | ᠣᠯᠠᠨ ᠰᠠᠭᠤᠭᠠᠯᠢ ᠠᠷᠠᠳ ᠡᠭᠦᠨ ᠳᠤ ᠴᠢᠩᠭ᠎ᠠ ᠲᠤᠰᠬᠠᠯ ᠭᠠᠷᠴᠤ ᠪᠠᠶᠢᠨ᠎ᠠ᠃ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ᠂ ᠱᠧᠩ ᠯᠢ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ | ᠪᠥᠭᠡᠳ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠤᠭᠰᠠᠷᠠᠬᠤ ᠲᠥᠰᠦᠯ ᠢ ᠲᠣᠭᠲᠠᠭᠠᠪᠠ᠃ | ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠠᠮᠵᠢᠨ᠂ ᠡᠴᠦᠰ ᠲᠡᠭᠡᠨ 5 ᠰᠠᠷ᠎ᠠ ᠶᠢᠨ 20 ᠤ ᠡᠳᠦᠷ ᠡᠭᠦᠳᠡ | ᠤᠭᠰᠠᠷᠠᠬᠤ ᠠᠵᠢᠯ ᠢ ᠪᠡᠶᠡᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠶ᠋ᠳᠪᠦᠷᠢᠯᠡᠪᠡ᠃ ᠰᠠᠭᠤᠭᠠᠯᠢ | ᠠᠷᠠᠳ ᠤᠨ ᠲᠣᠭᠤᠷᠢᠭ ᠤᠨ ᠴᠢᠨ ᠨᠣᠶᠠᠨ ᠰᠡᠳᠬᠢᠯ ᠳᠣᠭᠳᠣᠯᠤᠨ᠄ ︽ᠤᠤᠯ ᠤᠨ ᠰᠠᠭᠤᠭᠠᠯᠢ ᠠᠷᠠᠳ ᠤᠨ | ᠲᠣᠭᠤᠷᠢᠭ ᠤᠨ ᠶᠡᠭᠡ ᠡᠭᠦᠳᠡ᠂ ᠶᠠᠪᠠᠭᠠᠨ ᠬᠥᠮᠦᠨ ᠤ ᠣᠷᠣᠵᠤ ᠭᠠᠷᠬᠤ ᠳᠤ ᠴᠥᠮ ᠳᠥᠭᠦᠮ ᠦᠭᠡᠢ᠂ ᠰᠢᠨ᠎ᠡ ᠪᠠᠷ | ᠤᠭᠰᠠᠷᠠᠭᠰᠠᠨ ᠶᠡᠭᠡ ᠡᠭᠦᠳᠡ ᠨᠢ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ | ᠲᠣᠭᠤᠷᠢᠭ ᠤᠨ ᠬᠠᠪᠰᠤᠷᠤᠯᠭ᠎ᠠ︾ ᠶᠢ ᠣᠯᠵᠠᠶ᠃ ᠮᠠᠰᠢ ᠣᠯᠠᠨ ᠰᠠᠭᠤᠭᠠᠯᠢ ᠠᠷᠠᠳ ᠴᠤ ᠰᠢᠭᠤᠳ ᠬᠡᠯᠡᠨ᠎ᠡ᠃ | ᠰᠠᠭᠤᠭᠠᠯᠢ ᠠᠷᠠᠳ ᠤᠨ ᠲᠣᠭᠤᠷᠢᠭ ᠲᠤ ᠰᠢᠨ᠎ᠡ ᠡᠭᠦᠳᠡ ᠤᠭᠰᠠᠷᠠᠵᠤ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠨᠢ ︽ᠠᠮᠤᠷ ᠲᠦᠪᠰᠢᠨ ᠣᠨᠢᠰᠤ︾ ᠪᠤᠯᠵᠤ᠂ ᠳᠠᠷᠠᠭᠠᠴᠢ ᠶᠢᠨ ᠠᠯᠬᠤᠮ ᠳᠤ᠂ ᠱᠧᠩ ᠯᠢ ᠨᠡᠶᠢᠭᠡᠮ | ᠲᠣᠭᠤᠷᠢᠭ ᠤᠨ ᠬᠢᠨ ᠦᠷᠭᠦᠯᠵᠢᠯᠡᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠰᠡᠳᠬᠢᠯ ᠵᠢᠷᠦᠬᠡ ᠪᠠᠨ | ᠬᠤᠯᠪᠣᠵᠤ᠂ ᠰᠡᠳᠬᠢᠯ ᠵᠢᠷᠦᠬᠡ ᠪᠠᠨ ᠣᠶᠢᠯᠠᠭᠠᠬᠤ︾ ᠶᠢ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ | ᠰᠠᠨᠠᠭ᠎ᠠ ᠵᠣᠪᠠᠭ᠋ᠤ ᠶᠠᠪᠤᠳᠠᠯ᠂ ᠰᠠᠨᠠᠭ᠎ᠠ ᠵᠣᠪᠠᠭ᠋ᠤ ᠶᠠᠪᠤᠳᠠᠯ ᠢ ᠰᠠᠶᠢᠲᠤᠷ ᠰᠢᠢᠳᠪᠦᠷᠢᠯᠡᠵᠦ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ | ᠤᠯᠠᠨ ᠤ ᠠᠮᠢᠳᠤᠷᠠᠯ ᠢ ᠨᠡᠩ ᠲᠠᠭᠠᠯᠠᠮᠵᠢᠲᠠᠢ᠂ ᠰᠡᠳᠬᠢᠯ ᠠᠮᠤᠷ ᠪᠣᠯᠭᠠᠨ᠎ᠠ᠃ |