ᠲᠤᠰ ᠲᠥᠷᠥ ᠶᠢᠨ ᠪᠣᠳᠣᠯᠭ᠎ᠠ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠡᠲᠡᠭᠡᠳ | ︵ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ︶ ᠤᠨ ᠬᠠᠨᠳᠤᠯᠭᠠᠲᠤ ᠴᠢᠨᠠᠷᠲᠠᠢ ᠬᠠᠷᠠᠭᠠᠯᠵᠠᠯ ᠪᠠᠭᠲᠠᠨ᠎ᠠ | ︵2024 ᠣᠨ ᠤ 5 ᠰᠠᠷ᠎ᠠ ᠶᠢᠨ 17 ᠤ ᠡᠳᠦᠷ︶ | ᠨᠢᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠦᠨᠳᠦ | ᠡᠪᠡᠳᠴᠢᠨ ᠤ ᠳᠠᠭᠠᠳᠬᠠᠯ ᠤᠨ ᠠᠭᠤᠯᠭ᠎ᠠ ᠶᠢ ᠣᠶᠢᠯᠠᠭᠠᠬᠤ ᠳᠤ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠨᠢ ᠶᠠᠭᠤ | ᠪᠣᠢ︖ | ︽ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ | ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ᠤᠨ ᠥᠪᠥᠷ | ᠡᠮᠴᠢᠯᠡᠭᠡᠨ ᠤ ᠳᠠᠭᠠᠳᠬᠠᠯ ᠤᠨ ᠠᠯᠪᠠᠨ ᠦᠰᠦᠭ︹2021︺ 191 ᠳ᠋ᠦᠭᠡᠷ ᠲᠣᠭᠠᠲᠤ | ︽ᠪᠦᠬᠦ ᠬᠤᠲᠠ ᠶᠢᠨ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠤᠲᠠ ᠶᠢᠨ | ᠱᠠᠲᠤᠨ ᠤ ᠨᠢᠭᠡᠳᠦᠯᠲᠡᠢ ᠲᠥᠯᠥᠪᠯᠡᠬᠦ ᠠᠵᠢᠯ ᠢ ᠠᠬᠢᠭᠤᠯᠬᠤ ᠲᠤᠬᠠᠢ ᠮᠡᠳᠡᠭᠳᠡᠯ︾︵2022︶ 101 ᠳ᠋ᠦ᠋ᠭᠡᠷ | ᠲᠣᠭᠠᠲᠤ | ᠬᠤᠶᠠᠷ᠂ ᠬᠦᠨᠳᠦ ᠡᠪᠡᠳᠴᠢᠨ ᠤ ᠳᠠᠭᠠᠳᠬᠠᠯ ᠤᠨ ᠨᠥᠬᠦᠪᠥᠷᠢ ᠶᠢᠨ ᠬᠠᠷᠠᠭᠠᠯᠵᠠᠯ ᠤᠨ ᠪᠠᠷᠢᠮᠵᠢᠶ᠎ᠠ ᠨᠢ ᠶᠠᠭᠤ | ᠪᠤᠢ︖ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ︵ᠳᠠᠬᠢᠨ ᠶᠠᠳᠠᠭᠤᠷᠠᠬᠤ ᠠᠴᠠ ᠪᠣᠯᠵᠤ | ᠶᠠᠳᠠᠭᠤᠷᠠᠭᠰᠠᠨ ᠡᠷᠦᠬᠡ︶ ᠳᠤ ᠶᠠᠮᠠᠷ ᠬᠠᠨᠳᠤᠯᠭᠠᠲᠤ ᠴᠢᠨᠠᠷᠲᠠᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ | ᠪᠤᠢ︖ | 1. ᠡᠬᠢᠯᠡᠵᠦ ᠥᠭᠬᠦ ᠱᠤᠭᠤᠮ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠱᠤᠭᠤᠮ ᠨᠢ | ᠵᠢᠯ ᠳᠤ ᠬᠤᠪᠢ ᠬᠥᠮᠦᠨ ᠤ ᠡᠭᠦᠷᠭᠡᠯᠡᠯ ᠨᠡᠶᠢᠲᠡ 1.4 ᠲᠦᠮᠡᠨ ᠲᠥᠭᠦᠷᠢᠭ ᠪᠣᠯᠤᠨ᠎ᠠ᠃ | 2. ᠳᠠᠩᠰᠠ ᠲᠠᠶᠢᠯᠬᠤ ᠬᠠᠷᠢᠴᠠᠯ ᠬᠢᠭᠡᠳ ᠥᠭᠬᠦ ᠬᠡᠪᠴᠢᠶ᠎ᠡ᠃ ᠳᠠᠭᠠᠳᠬᠠᠯ ᠳᠤ ᠣᠷᠣᠯᠴᠠᠭᠰᠠᠳ ᠲᠤ | ᠭᠠᠷᠤᠭᠰᠠᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠ | ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮᠨᠡᠯᠭᠡ ᠶᠢᠨ | ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭ᠎ᠠ᠂ ᠡᠬᠢᠯᠡᠵᠦ ᠥᠭᠬᠦ ᠬᠡᠮᠵᠢᠶ᠎ᠡ ᠠᠴᠠ ᠳᠡᠭᠡᠭᠰᠢᠬᠢ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠤᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠠᠴᠠ 70% | ᠶᠢᠨ ᠬᠠᠷᠢᠴᠠᠯ ᠢᠶᠠᠷ ᠥᠭᠭᠦᠨ᠎ᠡ᠃ | 3. ᠬᠠᠮᠤᠭ ᠤᠨ ᠥᠨᠳᠥᠷ ᠥᠭᠬᠦ ᠬᠢᠵᠠᠭᠠᠷ ᠬᠡᠮᠵᠢᠶ᠎ᠡ᠃ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠥᠭᠬᠦ ᠬᠢᠵᠠᠭᠠᠷ ᠲᠤᠭ᠎ᠠ ᠶᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠬᠤ ᠬᠡᠷᠡᠭᠲᠡᠢ᠃ | 4. ᠣᠨᠴᠠ ᠬᠦᠴᠢᠷᠳᠡᠯᠲᠡᠢ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠬᠢᠨ | ᠶᠠᠳᠠᠭᠤᠷᠠᠭᠰᠠᠨ ᠬᠥᠮᠦᠨ ᠠᠮᠠ ᠵᠢᠴᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ | ᠣᠷᠣᠨ ᠤ ᠠᠮᠠᠷᠬᠠᠨ ᠶᠠᠳᠠᠭᠤᠷᠠᠬᠤ ᠬᠥᠮᠦᠨ ᠠᠮᠠ ᠶᠢᠨ ᠡᠬᠢᠯᠡᠵᠦ ᠥᠭᠬᠦ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ | ᠥᠭᠬᠦ ᠬᠠᠷᠢᠴᠠᠯ ᠢ 5% ᠪᠠᠷ ᠳᠡᠭᠡᠭᠰᠢᠯᠡᠭᠦᠯᠦᠨ᠎ᠡ᠃ | ᠭᠤᠷᠪᠠ᠂ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠬᠤ ᠪᠠ ᠳ᠋ᠦᠩᠨᠡᠨ ᠪᠣᠳᠣᠬᠤ ᠠᠷᠭ᠎ᠠ ᠮᠠᠶ᠋ᠢᠭ | ᠳᠠᠭᠠᠳᠭᠠᠯ ᠳᠤ ᠣᠷᠣᠯᠴᠠᠬᠤ ᠠᠷᠭ᠎ᠠ ᠮᠠᠶᠢᠭ᠄ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠭᠠᠯ ᠤᠨ ᠰᠦᠢᠳᠬᠡᠯ ᠳᠤ ᠬᠦᠨᠳᠦ ᠡᠪᠡᠳᠴᠢᠨ ᠤ ᠳᠠᠭᠠᠳᠭᠠᠯ | ᠪᠠᠭᠲᠠᠨ᠎ᠠ ︵ᠥᠭᠡᠷ᠎ᠡ ᠪᠠᠷ ᠬᠡᠯᠡᠪᠡᠯ᠂ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠭᠠᠯ ᠳᠤ ᠣᠷᠣᠯᠴᠠᠭᠰᠠᠳ ᠨᠢᠭᠡᠨᠲᠡ ᠬᠦᠨᠳᠦ ᠡᠪᠡᠳᠴᠢᠨ ᠤ ᠳᠠᠭᠠᠳᠭᠠᠯ ᠳᠤ | ᠣᠷᠣᠯᠴᠠᠭᠠᠳ ᠪᠠᠶᠢᠨ᠎ᠠ︶ | ᠳ᠋ᠦᠩᠨᠡᠨ ᠪᠣᠳᠣᠬᠤ ᠠᠷᠭ᠎ᠠ ᠮᠠᠶ᠋ᠢᠭ᠄ ᠬᠠᠮᠢᠶ᠎ᠠ ᠪᠦᠬᠦᠢ ᠨᠥᠬᠦᠴᠡᠯ ᠳᠤ ᠨᠡᠶᠢᠴᠡᠬᠦ ᠬᠥᠮᠦᠰ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠨ ᠠᠪᠴᠤ ᠶᠠᠪᠤᠬᠤ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ | ᠪᠠᠷᠢᠮᠲᠠ ᠶᠢ ᠬᠡᠷᠡᠭᠯᠡᠨ ᠡᠮᠨᠡᠯᠭᠡ ᠶᠢᠨ ᠬᠤᠷᠢᠡᠶ᠎ᠡ ᠳᠤ ᠰᠢᠭᠤᠳ ᠳ᠋ᠦᠩᠨᠡᠨ ᠪᠣᠳᠣᠵᠤ᠂ ᠨᠢᠭᠡ ᠭᠠᠭᠴᠠ ᠳᠦᠷᠢᠮ᠂ ᠨᠢᠭᠡ | ᠴᠣᠩᠬᠤᠪᠴᠢ᠂ ᠨᠢᠭᠡ ᠴᠣᠩᠬᠤᠪᠴᠢ ᠮᠠᠶ᠋ᠢᠭ ᠢᠶᠠᠷ ᠴᠠᠭ ᠲᠤᠬᠠᠢ ᠳᠤᠨᠢ ᠳ᠋ᠦᠩᠨᠡᠨ ᠪᠣᠳᠣᠬᠤ ᠬᠡᠷᠡᠭᠲᠡᠢ᠃ | ᠳᠥᠷᠪᠡ᠂ ᠲᠥᠷᠥ ᠶᠢᠨ ᠪᠣᠳᠣᠯᠭ᠎ᠠ ᠶᠢᠨ ᠵᠥᠪᠯᠡᠯᠭᠡ | ᠳ᠋ᠦᠩ ᠾᠧ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠠᠰᠠᠭᠤᠨ ᠯᠠᠪᠯᠠᠬᠤ ᠤᠲᠠᠰᠤ᠄ 0472 - | 26399᠂ ᠬᠦᠨᠳᠦ ᠡᠪᠡᠳᠴᠢᠨ ᠤ ᠳᠠᠭᠠᠳᠬᠠᠯ ᠪᠠ ᠰᠠᠨᠠᠭᠠᠨ ᠳᠤ ᠦᠭᠡᠢ ᠳᠠᠭᠠᠳᠬᠠᠯ ᠤᠨ ᠠᠰᠠᠭᠤᠨ ᠯᠠᠪᠯᠠᠬᠤ | ᠤᠲᠠᠰᠤ᠄ 0472 - 6169515᠃ | ᠲᠠᠪᠤ᠂ ᠲᠣᠳᠣᠷᠬᠠᠶᠢᠯᠠᠯ᠄ ᠲᠤᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠳ᠋ᠦᠩ ᠾᠧ ᠲᠣᠭᠤᠷᠢᠭ ᠤᠨ | ᠲᠤᠰ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠡᠮᠬᠢᠯᠡᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠤᠨ ᠬᠦᠨᠳᠦ ᠡᠪᠡᠳᠴᠢᠨ ᠤ ᠳᠠᠭᠠᠳᠬᠠᠯ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ | ᠪᠣᠳᠣᠯᠭ᠎ᠠ ᠶᠢᠨ ᠭᠤᠣᠯ ᠠᠭᠤᠯᠭ᠎ᠠ ᠶᠢ ᠲᠠᠶᠢᠯᠪᠤᠷᠢᠯᠠᠵᠤ ᠪᠠᠶᠢᠨ᠎ᠠ᠃ ᠡᠯ᠎ᠡ ᠭᠠᠵᠠᠷ ᠤᠨ ᠪᠠᠶᠢᠳᠠᠯ ᠠᠳᠠᠯᠢ ᠪᠤᠰᠤ ᠠᠴᠠ | ᠪᠣᠯᠵᠤ᠂ ᠪᠤᠰᠤᠳ ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠳᠤ ᠲᠣᠬᠢᠷᠠᠬᠤ ᠦᠭᠡᠢ | ︵ᠵᠢᠱᠢᠶᠡᠯᠡᠪᠡᠯ ᠪᠤᠰᠤᠳ ᠭᠠᠵᠠᠷ ᠣᠷᠣᠨ ᠤ ᠨᠡᠶᠢᠭᠡᠮ ᠲᠣᠭᠤᠷᠢᠭ ᠴᠤ ᠲᠤᠰ ᠲᠥᠷᠥ ᠶᠢᠨ ᠪᠣᠳᠣᠯᠭ᠎ᠠ ᠳᠤ | ᠬᠤᠯᠪᠣᠭᠳᠠᠵᠤ ᠪᠠᠶᠢᠨ᠎ᠠ︶ ᠶᠠᠮᠠᠷ ᠴᠤ ᠠᠰᠠᠭᠤᠯᠲᠠ ᠪᠤᠶᠤ ᠵᠥᠪᠯᠡᠯᠭᠡ ᠥᠭᠬᠦ ᠵᠡᠷᠭᠡ ᠵᠦᠢᠯᠡᠰ ᠲᠤ᠂ ᠳᠡᠭᠡᠷ᠎ᠡ | ᠳᠤᠷᠠᠳᠤᠭᠰᠠᠨ ᠳ᠋ᠦᠩ ᠾᠧ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠳ᠋ᠢᠶᠠᠩᠬᠤᠸᠠ ᠲᠠᠢ | ᠬᠠᠷᠢᠯᠴᠠᠬᠤ᠂ ᠡᠰᠡᠬᠦᠯ᠎ᠡ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ︵0472 - 4388696︶᠃ |