ᠤᠮᠠᠷᠠᠲᠤ ᠬᠢᠯᠢ ᠶᠢᠨ ᠳ᠋ᠦᠩ ᠾᠧ ᠲᠣᠭᠤᠷᠢᠭ ᠶᠢᠨ ᠠᠶᠠᠯᠠᠯ
ᠨᠡᠶᠢᠲᠡᠯᠡᠭᠰᠡᠨ ᠴᠠᠭ᠄
2024/5/24
    ︽ᠪᠤᠳᠠᠰ ᠤᠨ ᠪᠤᠰᠤ ᠰᠤᠶᠤᠯ ᠤᠨ ᠦᠪ ᠤᠨ ᠰᠤᠳᠤᠨ ᠪᠦᠳᠦᠭᠡᠭᠳᠡᠬᠦᠨ ᠢ ᠱᠠᠩᠨᠠᠵᠦ᠂ ᠰᠤᠶᠤᠯ ᠤᠨ ᠦᠪ ᠤᠨ ᠦᠪᠡᠳᠡᠭᠰᠢ ᠨᠠᠶᠢᠷ︾      ᠳ᠋ᠦᠩ ᠾᠧ ᠲᠣᠭᠤᠷᠢᠭ ᠨᠢ 300 ᠰᠢᠬᠠᠮ ᠵᠢᠯ ᠤᠨ ᠲᠡᠦᠬᠡ ᠲᠠᠢ ᠪᠤᠭᠤᠲᠤ ᠶᠢᠨ ᠬᠠᠭᠤᠴᠢᠨ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠰᠣᠶᠣᠯ ᠤᠨ ᠥᠪ ᠲᠠᠢ ᠶᠤᠮ᠃ ᠲᠡᠳᠡ ᠲᠡᠦᠬᠡ ᠶᠢ ᠲᠡᠮᠳᠡᠭᠯᠡᠵᠦ᠂ ᠠᠷᠠᠳ ᠲᠦᠮᠡᠨ ᠤ ᠤᠶᠤᠨ ᠤᠬᠠᠭᠠᠨ ᠪᠠ ᠬᠥᠳᠡᠯᠮᠦᠷᠢ ᠶᠢᠨ ᠦᠷ᠎ᠡ ᠪᠦᠲᠦᠭᠡᠯ ᠢ ᠭᠡᠷᠡᠴᠢᠯᠡᠵᠦ ᠪᠠᠶᠢᠨ᠎ᠠ᠃ ᠪᠢᠳᠡ ᠬᠠᠮᠲᠤ ᠨᠢᠭᠡ ᠤᠳᠠᠭᠠᠨ ᠤ ᠬᠢᠵᠠᠭᠠᠷ ᠦᠭᠡᠢ ᠪᠣᠳᠤᠯᠬᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠠᠶᠠᠨ ᠵᠠᠮ ᠳᠠᠭᠠᠨ ᠤᠴᠠᠷᠠᠬᠤ ᠪᠣᠯᠣᠨ᠎ᠠ᠃ ᠡᠨᠡ ᠬᠦ ᠠᠶᠠᠨ ᠵᠠᠮ ᠳᠤ᠂ ᠪᠢᠳᠡ ᠴᠠᠭ ᠬᠤᠭᠤᠴᠠᠭ᠎ᠠ ᠪᠠ ᠣᠷᠣᠨ ᠵᠠᠢ ᠶᠢ ᠳᠠᠪᠠᠵᠤ᠂ ᠲᠡᠦᠬᠡ ᠶᠢᠨ ᠦᠨᠳᠦᠰᠦᠲᠡᠨ ᠤ ᠤᠶᠤᠨ ᠤᠬᠠᠭᠠᠨ ᠪᠠ ᠬᠠᠶᠢᠷ᠎ᠠ ᠰᠡᠳᠬᠢᠯᠭᠡ ᠶᠢ ᠮᠡᠳᠡᠷᠡᠵᠦ᠂ ᠤᠯᠠᠮᠵᠢᠯᠠᠯ ᠪᠠ ᠤᠳᠤ ᠦᠶ᠎ᠡ ᠶᠢᠨ ᠠᠭᠤᠯᠵᠠᠷ ᠲᠤ ᠤᠢ ᠪᠢᠯᠢᠭ ᠪᠠ ᠬᠠᠮᠲᠤ ᠶᠢᠨ ᠲᠠᠨᠢᠯᠲᠠ ᠶᠢ ᠡᠷᠢᠬᠦ ᠪᠣᠯᠤᠨ᠎ᠠ᠃ᠠᠶᠠᠨ ᠵᠠᠮ ᠤᠨ ᠳᠣᠯᠣᠳᠤᠭᠠᠷ ᠥᠷᠲᠡᠭᠡ - ᠤᠯᠠᠮᠵᠢᠯᠠᠯᠲᠤ ᠵᠢᠷᠤᠭ
     ᠥᠪᠥᠷ ᠮᠣᠩᠭᠤᠯ ᠪᠣᠯ ᠤᠯᠠᠮᠵᠢᠯᠠᠯᠲᠤ ᠵᠢᠷᠤᠭ ᠳᠦᠷᠰᠦ ᠶᠢᠨ ᠭᠤᠣᠯ ᠲᠠᠷᠬᠠᠯᠲᠠ ᠶᠢᠨ ᠭᠠᠵᠠᠷ ᠤᠨ ᠨᠢᠭᠡ ᠨᠢ ᠪᠣᠯᠤᠨ᠎ᠠ᠂ ᠣᠳᠣᠬᠠᠨ ᠳᠤ ᠪᠤᠭᠤᠲᠤ ᠬᠤᠲᠠ ᠪᠠᠰᠠ ᠲᠠᠷᠠᠬᠠᠢ ᠪᠤᠲᠠᠷᠬᠠᠢ ᠲᠠᠷᠬᠠᠵᠤ ᠪᠠᠢᠭ᠎ᠠ ᠤᠯᠠᠮᠵᠢᠯᠠᠯᠲᠤ ᠵᠢᠷᠤᠭ ᠵᠢᠷᠤᠬᠤ ᠤᠷᠠᠯᠢᠭᠴᠢᠨ ᠪᠠᠢᠨ᠎ᠠ᠃ ᠬᠠᠭᠠᠷᠢᠭᠰᠠᠨ ᠵᠢᠷᠤᠭ ᠢ ᠪᠠᠰᠠ ᠬᠠᠭᠠᠷᠢᠭᠰᠠᠨ ᠬᠤᠸᠠᠷ᠂ ᠬᠠᠯᠠᠭᠠᠭᠰᠠᠨ ᠵᠢᠷᠤᠭ᠂ ᠭᠠᠯᠲᠤ ᠵᠢᠷᠤᠭ ᠭᠡᠳᠡᠭ᠃ ᠲᠡᠷᠡ ᠨᠢ ᠲᠡᠮᠦᠷ ᠵᠡᠭᠦᠤ ᠪᠠᠷ ᠪᠠᠭᠠᠵᠢ ᠪᠣᠯᠭᠠᠵᠤ᠂ ᠨᠡᠭᠦᠷᠡᠰᠦᠵᠢᠭᠦᠯᠬᠦ ᠤᠭ ᠶᠣᠰᠣ ᠶᠢ ᠠᠰᠢᠭᠯᠠᠨ᠂ ᠳᠤᠯᠠᠭᠠᠨ ᠢ ᠡᠵᠡᠮᠳᠡᠬᠦ ᠤᠷ᠎ᠠ ᠮᠡᠷᠭᠡᠵᠢᠯ ᠢᠶᠠᠷ ᠶᠠᠮᠠᠷ ᠴᠤ ᠪᠤᠳᠤᠭ ᠣᠷᠣᠭᠤᠯᠬᠤ ᠦᠭᠡᠢ᠂ ᠬᠠᠭᠠᠷᠢᠭᠤᠯ ᠢᠶᠠᠷ ᠭᠤᠣᠯ ᠪᠣᠯᠭᠠᠵᠤ᠂ ᠪᠣᠳᠤᠭ ᠢᠶᠠᠷ ᠳᠡᠪᠢᠰᠴᠦ ᠪᠣᠳᠤᠭ ᠢᠶᠠᠷ ᠲᠤᠰᠠᠯᠠᠬᠤ ᠠᠷᠭ᠎ᠠ ᠪᠠᠷ ᠮᠣᠳᠣᠨ ᠬᠡᠪ᠂ ᠤᠬᠠᠭᠤᠯᠬᠤ ᠴᠠᠭᠠᠰᠤ᠂ ᠬᠤᠯᠤ᠂ ᠲᠣᠷᠭᠠᠨ ᠠᠯᠴᠢᠭᠤᠷ ᠢᠶᠠᠷ ᠮᠠᠲ᠋ᠧᠷᠢᠶᠠᠯ ᠪᠣᠯᠭᠠᠨ ᠬᠤᠷᠪᠣᠳᠠᠭ᠃ ᠬᠠᠭᠠᠷᠢᠭᠰᠠᠨ ᠵᠢᠷᠤᠭ ᠨᠢ ᠴᠢᠨ ᠤᠯᠤᠰ ᠤᠨ ᠦᠶ᠎ᠡ ᠠᠴᠠ ᠢᠷᠡᠯᠲᠡ ᠲᠠᠢ᠂ ᠪᠠᠷᠠᠭᠤᠨ ᠬᠠᠨ ᠤᠯᠤᠰ ᠤᠨ ᠰᠡᠭᠦᠯᠴᠢ ᠶᠢᠨ ᠣᠨ ᠳᠤ ᠵᠡᠭᠦᠨ ᠬᠠᠨ ᠤᠯᠤᠰ ᠲᠤ ᠪᠠᠳᠠᠷᠠᠨ ᠬᠥᠭᠵᠢᠵᠦ᠂ ᠣᠳᠤ ᠠᠴᠠ ᠬᠤᠶᠠᠷ ᠮᠢᠩᠭ᠎ᠠ ᠭᠠᠷᠤᠢ ᠵᠢᠯ ᠤᠨ ᠲᠡᠦᠬᠡ ᠲᠠᠢ᠃ ᠵᠢᠷᠤᠭ ᠵᠢᠷᠤᠬᠤ ᠨᠢ ᠭᠠᠯ ᠤᠨ ᠬᠦᠭ᠂ ᠬᠦᠴᠦᠯᠡᠴᠡ ᠶᠢ ᠡᠵᠡᠮᠰᠢᠬᠦ ᠶᠢᠨ ᠬᠠᠮᠲᠦ᠂ ︽ᠪᠢᠷ ᠤᠨ ᠦᠭᠡᠨ ᠳᠤ ᠦᠵᠦᠭ ᠪᠢᠴᠢᠬᠦ ᠶᠢ ᠠᠩᠬᠠᠷᠬᠤ︾ ᠭᠡᠰᠡᠨ ᠤᠳᠬ᠎ᠠ ᠲᠠᠢ ᠪᠠᠶᠢᠳᠠᠭ᠃ ᠵᠣᠬᠢᠶᠠᠨ ᠪᠦᠲᠦᠭᠡᠭᠴᠢ ᠨᠢ ᠤᠷᠠᠨ ᠰᠠᠶᠢᠬᠠᠨ ᠤᠷᠠᠨ ᠵᠢᠷᠤᠭ ᠪᠣᠯᠤᠨ ᠭᠠᠯ ᠬᠥᠭᠡᠭᠡᠯᠴᠡᠳᠥᠬᠦ ᠲᠡᠳᠦᠢ ‍ᠦᠭᠡᠢ ᠪᠠᠶᠠᠯᠢᠭ ᠰᠡᠳᠦᠪ ᠲᠠᠢ ᠤᠶᠠᠯᠳᠤᠭᠤᠯᠵᠤ ᠴᠠᠭᠠᠰᠤ ᠪᠠᠷ ᠴᠠᠭᠠᠰᠤ ᠪᠣᠯᠤᠨ ᠬᠤᠯᠤ ᠬᠠᠭᠠᠷᠢᠵᠤ ᠵᠢᠷᠤᠭᠯᠠᠭᠰᠠᠨ ᠨᠢᠭᠡ ᠵᠦᠢᠯ ᠤᠨ ᠭᠦᠨ ᠭᠦᠢᠬᠡᠨ ᠬᠦᠷᠡᠩ ᠥᠩᠭᠡ ᠶᠢᠨ ᠵᠢᠷᠤᠭ ᠪᠣᠯᠤᠨ ᠵᠢᠷᠤᠭ ᠳᠡᠭᠡᠷ᠎ᠡ ᠠᠶᠠᠨᠳᠠᠭᠠᠨ ᠲᠣᠳᠣᠷᠠᠨ᠎ᠠ᠃ᠲᠡᠭᠦᠨ ᠤ ᠢᠯᠡᠷᠡᠭᠦᠯᠬᠦ ᠴᠢᠳᠠᠪᠤᠷᠢ ᠨᠢ ᠵᠣᠬᠢᠬᠤ ᠬᠡᠮᠵᠢᠶᠡᠨ ᠤ ᠭᠦᠳᠦᠭᠦᠷ ᠰᠡᠢᠯᠦᠮᠡᠯ᠃
     2022 ᠣᠨ ᠳᠤ᠂ ᠬᠠᠭᠠᠷᠢᠭᠰᠠᠨ ᠵᠢᠷᠤᠭ ᠢ ᠳᠣᠯᠣᠳᠤᠭᠠᠷ ᠪᠦᠯᠦᠭ ᠤᠨ ᠪᠤᠭᠤᠲᠤ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃
     ᠬᠠᠭᠠᠷᠢᠭᠰᠠᠨ ᠵᠢᠷᠤᠭ ᠨᠢ ᠳᠤᠮᠳᠠᠳᠤ ᠤᠯᠤᠰ ᠤᠨ ᠡᠷᠲᠡᠨ ᠤ ᠵᠢᠷᠤᠭ ᠤᠨ ᠳᠦᠷᠰᠦ ᠶᠢ ᠴᠠᠭ ᠦᠶ᠎ᠡ ᠶᠢᠨ ᠬᠡᠷᠡᠭᠴᠡᠭᠡ ᠲᠠᠢ ᠨᠡᠢᠴᠡᠭᠰᠡᠨ ᠨᠢᠭᠡ ᠵᠦᠢᠯ ᠤᠨ ᠥᠪᠡᠷᠮᠢᠴᠡ ᠤᠷᠠᠯᠢᠭ ᠪᠣᠯᠭᠠᠨ ᠬᠤᠪᠢᠷᠠᠭᠤᠯᠵᠤ᠂ ᠲᠥᠭᠡᠨᠡᠯ ᠭᠡ ᠶᠢᠨ ᠤᠷᠠᠯᠢᠭᠴᠢᠳ ᠮᠠᠱᠢ ᠣᠯᠠᠨ ᠱᠢᠯᠢᠳᠡᠭ ᠤᠷᠠᠯᠢᠭ ᠤᠨ ᠪᠦᠲᠦᠭᠡᠯ ᠭᠠᠷᠭᠠᠵᠤ᠂ ᠲᠡᠭᠦᠨ ᠤ ᠳᠣᠲᠣᠷᠠᠬᠢ ᠨᠢᠭᠡ ᠪᠦᠯᠦᠭ ᠪᠦᠲᠦᠭᠡᠯ ᠨᠢ ᠵᠢᠷᠤᠭ ᠵᠢᠷᠤᠬᠤ ᠤᠷᠠᠯᠢᠭ ᠴᠢᠨ ᠳᠤ ᠳᠤᠷᠠᠲᠠᠢ ᠬᠥᠮᠦᠰ ᠤᠨ ᠬᠠᠳᠠᠭᠠᠯᠠᠭᠳᠠᠵᠤ ᠪᠠᠢᠨ᠎ᠠ᠃ ᠡᠨᠡ ᠬᠦ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠳᠤ ᠲᠥᠭᠡᠮᠡᠯ ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠤ ᠤᠷᠠᠨ ᠵᠢᠷᠤᠭ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠨᠥᠯᠥᠭᠡ ᠦᠵᠡᠭᠦᠯᠬᠦ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1