ᠮᠠᠨ ᠤ ᠣᠷᠣᠨ ᠤ ᠣᠯᠠᠨ ᠨᠢᠭᠡᠴᠡ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠭᠡᠷ᠎ᠡ ᠲᠣᠭᠲᠠᠬᠤ ᠵᠢᠴᠢ ᠰᠢᠭᠤᠳ ᠨᠡᠪᠲᠡᠷᠡᠭᠦᠯᠭᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/30
     5 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠪᠦᠯᠦᠭᠯᠡᠯ ᠵᠢᠴᠢ ᠯᠢᠶᠠᠩ ᠵᠢᠶᠠᠨ ᠰᠤᠳᠤᠯᠭᠠᠨ ᠤ ᠪᠡᠶ᠎ᠡ ᠶᠢᠨ ᠲᠠᠮᠢᠷ᠂ ᠶᠢᠨ ᠯᠦ ᠥᠭᠡᠬᠦ ᠲᠣᠰᠣ᠂ ᠬᠤᠩ ᠸᠧᠶ ᠿᠢ ᠬᠤᠸᠠ ᠵᠡᠷᠭᠡ ᠨᠢᠭᠡᠴᠡ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠬᠥᠬᠡᠬᠤᠲᠠ ᠳᠤ ᠬᠦᠷᠴᠦ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢᠷᠢᠰ ᠭᠡᠷ᠎ᠡ ᠲᠣᠭᠲᠠᠬᠤ ᠵᠢᠴᠢ ᠰᠢᠭᠤᠳ ᠨᠡᠪᠲᠡᠷᠡᠭᠦᠯᠭᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
      ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ 20 ᠭᠠᠷᠤᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠠᠢ ᠡᠯ᠎ᠡ ᠲᠦᠷᠦᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠺᠢᠨᠣ᠋ ᠲᠧᠯᠸᠢᠰ ᠤᠨ ᠵᠠᠭᠤᠴᠢᠯᠠᠭᠤᠷ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠲᠣᠭᠯᠠᠯᠲᠠ ᠪᠣᠯᠪᠠᠰᠤᠷᠠᠯ ᠵᠡᠷᠭᠡ ᠬᠦᠷᠢᠶ᠎ᠡ ᠶᠢ ᠬᠠᠮᠤᠷᠪᠠ᠃ ᠡᠭᠦᠨ ᠳᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠬᠢᠭᠡᠳ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠶᠠᠩ ᠤᠨ ᠰᠢᠯᠢᠳᠡᠭ ᠰᠣᠩᠭᠤᠭᠰᠠᠨ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠭᠤᠷᠪᠠᠨ ᠲᠠᠯ᠎ᠠ ᠪᠠᠷ ᠢᠶᠠᠨ ᠵᠠᠰᠠᠭ ᠤᠨ ᠣᠷᠳᠣᠨ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠬᠥᠮᠦᠨ ᠬᠥᠮᠦᠵᠢᠭᠦᠯᠬᠦ ᠰᠠᠭᠤᠷᠢᠨ ᠭᠠᠵᠠᠷ ᠲᠤ ᠭᠡᠷ᠎ᠡ ᠲᠣᠭᠲᠠᠵᠤ᠂ ᠵᠠᠬᠢᠶᠠᠯᠠᠭ᠎ᠠ ᠶᠢᠨ ᠮᠠᠶ᠋ᠢᠭ ᠤᠨ ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠵᠠᠮ ᠢ ᠨᠡᠪᠲᠡᠷᠡᠭᠦᠯᠦᠨ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠪᠠᠰᠠ ᠳ᠋ᠦᠩ ᠾᠧ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠳ᠋ᠦᠩ ᠾᠧ ᠲᠣᠭᠤᠷᠢᠭ ᠤᠨ ᠰᠣᠶᠣᠯ ᠵᠢᠭᠤᠯᠴᠢᠯᠠᠯ ᠤᠨ ᠪᠦᠯᠦᠭᠯᠡᠯ ᠵᠡᠷᠭᠡ 10 ᠭᠠᠷᠤᠶ ᠨᠢᠭᠡᠴᠡ ᠲᠠᠢ ᠳᠡᠭᠡᠳᠦ ᠰᠤᠷᠭᠠᠭᠤᠯᠢ ᠶᠢᠨ ᠱᠠᠲᠤᠨ ᠤ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠡᠯᠡᠯᠴᠡᠭᠡᠷ ᠲᠣᠭᠲᠠᠭᠰᠠᠨ ᠪᠥᠭᠡᠳ ᠡᠯ᠎ᠡ ᠨᠢᠭᠡᠴᠡ ᠳᠤ ᠫᠠᠶᠢᠰᠠ ᠣᠯᠭᠤᠪᠠ᠃
    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠪᠣᠯ ᠥᠪᠥᠷ ᠮᠣᠩᠭᠤᠯ ᠤᠨ ᠤᠷᠠᠯᠢᠭ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠰᠠᠭᠤᠷᠢᠨ ᠭᠠᠵᠠᠷ ᠤᠨ ᠨᠢᠭᠡ ᠮᠥᠨ᠂ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠶᠢᠨ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠶᠢᠨ ᠲᠤᠰᠠᠳᠠ᠂ ᠤᠯᠤᠰ ᠤᠨ ︽ᠠᠵᠤ ᠦᠶ᠋ᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ︾ ᠳᠤ ᠳᠤᠷᠠᠳᠤᠭᠰᠠᠨ ᠰᠢᠨ᠎ᠡ ᠬᠦᠰᠡᠯ ᠡᠷᠡᠮᠡᠯᠵᠡᠯ᠂ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠪᠤᠶᠢᠵᠢᠭᠤᠯᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠦᠢᠯᠡᠳᠦᠯᠭᠡᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ︽ᠬᠠᠮ ᠨᠢᠳᠤᠷᠭ᠎ᠠ︾ ᠶᠢ ᠰᠠᠶᠢᠲᠤᠷ ᠬᠢᠵᠦ᠂ ᠲᠣᠰ ᠤᠳᠠᠭᠠᠨ ᠤ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠭᠡᠷ᠎ᠡ ᠲᠣᠭᠲᠠᠬᠤ ᠵᠢᠴᠢ ᠵᠠᠬᠢᠶᠠᠯᠠᠭ᠎ᠠ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠱᠢᠯᠲᠡ ᠪᠠᠷ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠰᠢ ᠵᠦᠴᠦᠭᠡ ᠺᠢᠨᠣ᠋ ᠲᠧᠯᠸᠢᠰ ᠤᠨ ᠳᠡᠭᠡᠳᠦ ᠰᠤᠷᠭᠠᠭᠤᠯᠢ ᠶᠢᠨ 2025 ᠣᠨ ᠤ ᠲᠡᠭᠦᠰᠦᠭᠰᠡᠳ ᠲᠤ 107 ᠠᠵᠢᠯ ᠤᠨ ᠪᠠᠶᠢᠷᠢ ᠬᠠᠩᠭᠠᠬᠤ ᠪᠣᠯᠤᠨ᠎ᠠ᠃      ᠣᠷᠣᠨ ᠨᠤᠲᠤᠭ ᠤᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠤᠢᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠡᠯ᠎ᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠨᠡᠷᠡᠳᠦ ᠰᠢᠯᠢᠳᠡᠭ ᠦᠢᠯᠡᠳᠬᠦᠨ ᠤ ᠲᠠᠨᠢᠯᠴᠠᠭᠤᠯᠭ᠎ᠠ ᠶᠢ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ︾ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠲᠣᠰ ᠤᠳᠠᠭᠠᠨ ᠤ ᠭᠡᠷ᠎ᠡ ᠲᠣᠭᠲᠠᠬᠤ ᠨᠢ ᠵᠠᠰᠠᠭ ᠤᠨ ᠣᠷᠳᠣᠨ᠂ ᠰᠤᠷᠭᠠᠭᠤᠯᠢ᠂ ᠪᠠᠩᠬᠢ᠂ ᠠᠵᠤ ᠠᠬᠤᠶᠢᠯᠠᠯ ᠳᠥᠷᠪᠡᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠲᠤᠭᠤᠷᠢᠭ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠵᠠᠭᠤᠴᠢᠯᠠᠭᠤᠷ ᠤᠨ ᠪᠥᠲᠥᠭᠡᠨ ᠪᠠᠶᠢᠭᠤᠯᠤᠯᠲᠠ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠲᠠᠯ᠎ᠠ ᠪᠠᠷ ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠃
     ︽ᠤᠮᠠᠷᠠᠲᠤ ᠬᠢᠯᠢ ᠶᠢᠨ ᠵᠠᠯᠠᠭᠤᠴᠤᠳ ᠤᠨ ᠭᠤᠤᠯ ᠨᠡᠪᠲᠡᠷᠡᠭᠦᠯᠭᠡ ᠶᠢᠨ ᠪᠦᠯᠬᠦᠮ︾ ᠤᠨ ᠪᠦᠷᠢᠯᠳᠦᠭᠦᠨ᠂ ᠨᠡᠪᠲᠡᠷᠡᠭᠦᠯᠭᠡ ᠪᠠᠷ ᠲᠤᠰᠬᠠᠶ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠶᠠᠳᠤᠭᠠᠷ ᠣᠨ ᠤ ᠰᠣᠷᠣᠭᠴᠢ ᠯᠢ ᠶᠦᠨ ᠯᠦᠩ᠄ ︽ᠰᠢᠭᠤᠳ ᠨᠡᠪᠲᠡᠷᠡᠭᠦᠯᠭᠡ ᠶᠢᠨ ᠳᠠᠳᠤᠯᠭ᠎ᠠ ᠪᠣᠯᠪᠠᠰᠤᠷᠠᠯ ᠳᠤ ᠥᠪᠡᠷ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠢᠷᠡᠭᠡᠳᠦᠶ ᠳᠤ ᠪᠠᠰᠠ ᠵᠠᠮ ᠳᠡᠪᠢᠰᠴᠦ᠂ ᠲᠡᠭᠦᠰᠦᠭᠰᠡᠨ ᠤ ᠳᠠᠷᠠᠭ᠎ᠠ ᠪᠢ ᠳ᠋ᠦᠩ ᠾᠧ ᠲᠣᠭᠤᠷᠢᠭ ᠲᠤ ᠢᠷᠡᠵᠦ ᠠᠵᠢᠯ ᠣᠯᠵᠤ᠂ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠠᠨ ᠪᠠᠳᠠᠷᠠᠭᠤᠯᠬᠤ ᠪᠠᠷ ᠳᠠᠮᠵᠢᠭᠤᠯᠤᠨ ᠳ᠋ᠦᠩ ᠾᠧ ᠲᠣᠭᠤᠷᠢᠭ ᠤᠨ ᠴᠢᠨᠠᠷ ᠰᠠᠶᠢᠲᠠᠶ ᠦᠢᠯᠡᠳᠬᠦᠨ ᠢ ᠳᠡᠯᠭᠡᠷᠡᠭᠦᠯᠵᠦ᠂ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠵᠤ ᠬᠥᠭᠵᠢᠬᠦ ᠳᠤᠮᠳᠠ ᠥᠪᠡᠷ ᠤᠨ ᠠᠮᠢᠳᠤᠷᠠᠯ ᠤᠨ ᠦᠨ᠎ᠡ ᠥᠷᠲᠡᠭ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃      ᠲᠠᠷᠠᠭ᠎ᠠ ᠨᠢ ᠶᠠᠪᠤᠭᠳᠠᠭᠰᠠᠨ ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠳᠤᠮᠳᠠ᠂ ᠬᠥᠮᠦᠰ ᠬᠤᠷᠠᠨ ᠴᠤᠭᠯᠠᠷᠠᠵᠤ᠂ ᠬᠥᠷ ᠬᠥᠭᠵᠢᠶᠡᠨ ᠲᠠᠢ ᠪᠠᠶᠢᠵᠤ᠂ ᠬᠠᠰᠬᠢᠷᠬᠤ ᠳᠠᠭᠤᠨ᠂ ᠲᠠᠨᠢᠯᠴᠠᠭᠤᠯᠬᠤ ᠲᠠᠭᠤᠨ ᠲᠠᠰᠤᠷᠠᠯᠳᠠ ᠦᠭᠡᠢ ᠰᠣᠨᠣᠰᠳᠠᠨ᠎ᠠ᠃ ᠦᠵᠡᠭᠦᠯᠭᠡ ᠶᠢᠨ ᠲᠠᠶᠢᠰᠠᠨ ᠳᠡᠭᠡᠷᠡᠬᠢ ᠡᠯ᠎ᠡ ᠵᠦᠢᠯ ᠤᠨ ᠦᠵᠡᠭᠦᠯᠭᠡ ᠶᠢᠨ ᠪᠣᠳᠠᠰ ᠨᠢ ᠨᠢᠳᠦ ᠳᠦᠭᠦᠷᠡᠩ ᠪᠠᠶᠢᠵᠤ᠂ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠳ᠋ᠦᠩ ᠾᠧ ᠶᠢᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠬᠠᠢ ᠳ᠋ᠠᠢ ᠰᠠᠷᠢᠮᠰᠠᠭ᠂ ᠠᠯᠲᠠᠨ ᠪᠤᠭᠤ ᠶᠢᠨ ᠢᠳᠡᠰᠢᠨ ᠲᠣᠰᠣ᠂ ᠠᠰ ᠤᠮᠠᠷᠠᠲᠤ ᠶᠢᠨ ᠰᠢᠬᠢᠷ᠂ ᠤᠯᠠᠭᠠᠨ ᠬᠤᠨᠢᠨ ᠤ ᠥᠭᠡᠬᠦᠳᠡᠭ ᠰᠠᠪᠤᠩ᠂ ᠰᠢᠷᠴᠢᠨ ᠲᠥᠪᠡᠳ ᠬᠠᠰᠢ ᠵᠡᠷᠭᠡ ᠨᠢ ᠵᠠᠯᠭᠠᠭ᠎ᠠ ᠪᠠᠷ ᠢᠯᠡᠷᠡᠵᠦ᠂ ᠮᠠᠰᠢ ᠣᠯᠠᠨ ᠤᠶᠤᠲᠠᠳ ᠤᠨ ᠪᠤᠯᠢᠶᠠᠯᠳᠤᠨ ᠠᠮᠲᠠᠯᠠᠵᠤ᠂ ᠮᠠᠭᠲᠠᠭᠳᠠᠬᠤ ᠦᠭᠡᠢ ᠪᠠᠶᠢᠵᠤ᠂ ᠲᠤᠬᠠᠶ ᠶᠢᠨ ᠲᠠᠯᠠᠪᠠᠶ ᠳᠤ ᠪᠠᠶᠠᠷ ᠪᠠᠶᠠᠰᠬᠤᠯᠠᠩᠲᠤ ᠳᠠᠯᠠᠢ ᠲᠠᠩᠭᠢᠰ ᠪᠣᠯᠤᠭᠰᠠᠨ ᠪᠠᠶᠢᠨ᠎ᠠ᠃
    ᠪᠤᠭᠤᠲᠤ ᠬᠤᠲᠠ ᠶᠢᠨ ᠢ ᠭᠤᠸᠠᠩ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠰᠠᠨ ᠮᠢᠩ ᠲᠣᠭᠤᠷᠢᠨ ᠦᠵᠡᠬᠦ ᠪᠠᠷ ᠢᠷᠡᠭᠰᠡᠨ ᠬᠦᠨᠳᠦᠲᠦ ᠵᠣᠴᠢᠳ ᠲᠤ ᠰᠠᠷᠠᠴᠢᠨ ︽ᠨᠣᠭᠤᠭᠠᠨ ᠥᠩᠭᠡ ᠶᠢᠨ ᠥᠷᠭᠡᠰᠦᠲᠦ ᠬᠡᠮᠬᠡ︾ ᠶᠢ ᠬᠦᠷᠭᠡᠬᠦ ᠶᠢᠨ ᠳᠠᠭᠠᠤ ᠪᠠᠶᠠᠷᠲᠠᠶ ᠪᠠᠷ᠄ ︽ᠡᠨᠡ ᠤᠳᠠᠭᠠᠨ ᠤ ᠠᠵᠢᠯᠯᠠᠭ᠎ᠠ ᠪᠠᠷ᠂ ᠮᠠᠰᠢ ᠣᠯᠠᠨ ᠣᠶᠤᠲᠠᠨ ᠪᠢᠳᠡᠨ ᠤ ᠥᠪᠡᠷ ᠢᠶᠠᠨ ᠳᠠᠷᠢᠭᠰᠠᠨ ᠪᠣᠬᠢᠷᠲᠤᠯ ᠥᠬᠡᠶ ᠢᠳᠡᠰᠢᠨ ᠨᠣᠭᠤᠭ᠎ᠠ ᠶᠢ ᠠᠮᠰᠠᠵᠤ ᠬᠤᠳᠠᠯᠳᠤᠨ ᠠᠪᠴᠤ᠂ ᠮᠠᠨ ᠤ ᠳ᠋ᠦᠩ ᠾᠧ ᠲᠣᠭᠤᠷᠢᠭ ᠤᠨ ᠲᠠᠷᠢᠶᠠᠯᠠᠩ ᠤᠨ ᠣᠨᠴᠠ ᠭᠠᠷᠤᠯᠲᠠ ᠶᠢ ︿ᠬᠢᠯᠢ ᠠᠴᠠ ᠭᠠᠷᠤᠨ᠎ᠠ﹀ ᠭᠡᠵᠦ ᠬᠡᠯᠡᠵᠡᠶ᠃      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠱᠧ ᠰᠢ ᠸᠧᠨ᠄ ︽ᠢᠷᠡᠭᠡᠳᠦᠶ ᠳᠤ ᠳᠡᠭᠡᠳᠦ ᠰᠤᠷᠭᠠᠭᠤᠯᠢ ᠬᠠᠮᠵᠢᠯᠴᠠᠨ ᠬᠥᠳᠡᠯᠦᠯᠴᠡᠬᠦ ᠳᠤᠮᠳᠠ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ ᠣᠨᠣᠪᠴᠢᠲᠠᠶ ᠡᠷᠢᠵᠦ᠂ ᠴᠢᠳᠠᠪᠤᠷᠢᠲᠠᠨ ᠬᠥᠮᠦᠵᠢᠭᠦᠯᠬᠦ ᠲᠥᠰᠦᠯ ᠤᠨ ᠵᠢᠷᠤᠭ ᠲᠥᠯᠥᠪᠯᠡᠭᠡ᠂ ᠬᠢᠴᠢᠶᠡᠯ ᠤᠨ ᠲᠥᠯᠥᠪᠵᠢᠭᠦᠯᠭᠡ᠂ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠵᠡᠷᠭᠡ ᠪᠥᠬᠦ ᠬᠡᠯᠬᠢᠶ᠎ᠡ ᠳᠤ ᠵᠠᠰᠠᠭ ᠤᠨ ᠣᠷᠳᠣᠨ᠂ ᠠᠵᠢᠯ ᠲᠥᠷᠥᠯ᠂ ᠠᠵᠤ ᠠᠬᠤᠶᠢᠯᠠᠯ ᠵᠡᠷᠭᠡ ᠲᠠᠢ ᠢᠳᠡᠪᠬᠢᠲᠡᠶ ᠵᠣᠯᠭᠠᠭᠤᠯᠵᠤ᠂ ᠡᠯ᠎ᠡ ᠲᠠᠯ᠎ᠠ ᠶᠢᠨ ᠭᠤᠤᠯ ᠴᠣᠭᠴᠠ ᠶᠢᠨ ᠣᠯᠠᠨ ᠬᠦᠷᠢᠶᠡᠨ ᠳᠤ ᠨᠠᠩ ᠪᠥᠬᠦ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠤᠷᠠᠯᠢᠭ ᠤᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ︿ᠲᠠᠪᠤᠨ ᠶᠡᠭᠡ ᠡᠭᠦᠷᠭᠡ﹀ ᠵᠡᠷᠭᠡ ᠤᠯᠤᠰ ᠪᠠ ᠣᠷᠣᠨ ᠨᠤᠲᠤᠭ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠨᠠᠩ ᠰᠠᠶᠢᠲᠤᠷ ᠦᠢᠯᠡᠴᠢᠯᠡᠨ᠎ᠡ ᠭᠡᠵᠦ ᠢᠯᠡᠳᠬᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1