ᠳ᠋ᠦᠩ ᠾᠧ ᠲᠣᠭᠤᠷᠢᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠵᠢᠴᠢ 2024 ᠣᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ  ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ  ᠬᠢᠪᠡ
ᠨᠡᠶᠢᠲᠡᠯᠡᠭᠰᠡᠨ ᠴᠠᠭ᠄
2024/5/8
      5 ᠰᠠᠷ᠎ᠠ ᠶᠢᠨ 8 ᠤ ᠡᠳᠦᠷ᠂ ᠳ᠋ᠦᠩ ᠾᠧ ᠲᠣᠭᠤᠷᠢᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠬᠢᠵᠦ᠂ ᠬᠤᠷᠠᠯ ᠳᠡᠭᠡᠷ᠎ᠡ ︽ ᠨᠠᠢᠮᠠ ᠶᠢ ᠠᠬᠢᠭᠤᠯᠬᠤ︾ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ᠡᠭᠦᠨ ᠤ ᠬᠠᠮᠲᠤ ᠡᠯ᠎ᠡ ᠬᠠᠮᠢᠶ᠎ᠠ ᠪᠦᠬᠦᠢ ᠨᠢᠭᠡᠴᠡ ᠳᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠢ ᠬᠦᠷᠭᠡᠪᠡ᠃        ᠬᠤᠷᠠᠯ ᠠᠴᠠ ᠵᠢᠭᠠᠵᠣ ᠭᠠᠷᠭᠠᠭᠰᠠᠨ ᠨᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠨᠢ ᠨᠢᠭᠡ ᠭᠠᠵᠠᠷ ᠣᠷᠣᠨ ᠤ ᠦᠨᠳᠦᠰᠦᠲᠡᠨ ᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠢᠯᠡᠷᠡᠭᠦᠯᠵᠦ ᠪᠠᠶᠢᠨ᠎ᠠ᠂ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠡᠷᠬᠢᠯᠡᠬᠦ ᠶᠢ ᠪᠠᠷᠢᠮᠲᠠᠯᠠᠬᠤ ᠬᠡᠷᠡᠭᠲᠡᠢ᠃ ᠪᠦᠬᠦ ᠣᠷᠣᠨ ᠤ ᠡᠯ᠎ᠡ ᠵᠦᠢᠯ ᠤᠨ ᠠᠵᠢᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠣᠶᠢᠯᠠᠭᠠᠭᠳᠠᠬᠤᠨ᠂ ᠠᠵᠢᠯ ᠤᠨ ᠠᠷᠭ᠎ᠠ ᠪᠠᠷᠢᠯ  ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠦᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠳᠠᠭᠤᠨ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠭᠠᠵᠠᠷ ᠣᠷᠣᠨ  ᠤ ᠨᠡᠷᠡᠲᠦ ᠲᠡᠮᠳᠡᠭ ᠢ ᠪᠠᠶᠢᠭᠤᠤᠯᠤᠨ᠎ᠠ᠃        ᠬᠤᠷᠠᠯ ᠠᠴᠠ  ᠴᠢᠬᠤᠯᠠᠴᠢᠯᠠᠭᠰᠠᠨ ᠨᠢ᠂ ᠵᠢᠰᠢᠶ᠎ᠡ ᠦᠵᠡᠭᠦᠯᠬᠦ ᠶᠢ ᠪᠣᠯ ᠠᠵᠢᠯᠯᠠᠵᠤ ᠪᠠᠶᠢᠭᠠᠳ ᠪᠤᠢ ᠪᠣᠯᠭᠠᠭᠰᠠᠨ ᠶᠤᠮ᠂ ᠬᠠᠷᠢᠨ ᠬᠠᠰᠬᠢᠷᠴᠤ ᠪᠠᠶᠢᠭᠠᠳ ᠪᠤᠢ ᠪᠣᠯᠭᠠᠭᠰᠠᠨ ᠪᠢᠰᠢ ᠶᠤᠮ᠃ ᠪᠦᠬᠦ ᠣᠷᠣᠨ ᠢᠶᠠᠷ ᠢᠶᠠᠨ ᠴᠤᠬ ᠰᠦᠯᠳᠡ ᠪᠠᠨ ᠪᠠᠳᠠᠷᠠᠭᠤᠯᠤᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠢᠱᠢᠶᠡᠴᠢ ᠶᠢᠨ ︽ᠪᠠᠶᠢᠷᠢᠰᠢᠯ ᠤᠨ ᠰᠢᠰᠲ᠋ᠧᠮ︾ ᠢ ᠲᠣᠭᠲᠠᠭᠠᠵᠤ᠂ ᠵᠢᠱᠢᠶᠡᠴᠢ ᠶᠢᠨ ︽ᠬᠠᠲᠠᠭᠤ ᠰᠤᠷᠲᠠᠯ︾ ᠢ ᠪᠠᠳᠠᠷᠠᠭᠤᠯᠵᠤ᠂ ᠵᠢᠱᠢᠶᠡᠴᠢ ᠶᠢᠨ ︽ᠥᠨᠳᠥᠷ ᠪᠠᠷᠢᠮᠵᠢᠶ᠎ᠠ︾ ᠶᠢ ᠦᠢᠯᠡᠳᠦᠯᠭᠡᠵᠢᠭᠦᠯᠵᠦ᠂ ᠨᠡᠩ ᠥᠷᠭᠡᠨ ᠬᠠᠷᠠᠭᠠᠰᠤ᠂ ᠨᠡᠩ ᠥᠷᠭᠡᠨ ᠰᠡᠳᠬᠢᠴᠡ᠂ ᠨᠡᠩ ᠴᠢᠩᠭ᠎ᠠ ᠡᠷᠴᠢᠮ᠂ ᠨᠡᠩ ᠶᠡᠭᠡ ᠡᠷᠴᠢ ᠵᠣᠷᠢᠭ ᠢᠶᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠬᠦ ᠬᠡᠷᠡᠭᠲᠡᠢ᠃ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ︽ᠠᠩᠬᠠᠨ ᠤ ᠪᠠᠶᠢᠯᠳᠤᠭᠠᠨ ᠳᠤ ᠥᠪᠡᠷ ᠢ ᠪᠠᠨ ᠬᠡᠷᠡᠭᠯᠡᠵᠦ᠂ ᠥᠪᠡᠷ ᠢ ᠪᠠᠨ ᠬᠡᠷᠡᠭᠯᠡᠪᠡᠯ ᠵᠠᠪᠠᠯ ᠢᠯᠠᠬᠤ︾ ᠣᠪᠣᠷ ᠢᠶᠠᠷ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠡᠭᠦᠨ ᠤ ᠤᠯᠠᠮ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ ᠪᠠᠶᠢᠭᠤᠯᠬᠤ  ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠨᠡᠩ ᠬᠦᠴᠦᠲᠡᠢ ᠠᠬᠢᠭᠤᠯᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦ᠋ᠩ ᠾᠧ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1