ᠣᠶᠢᠷ᠎ᠠ ᠶᠢᠨ ᠡᠳᠦᠷ ᠤᠳ ᠲᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠥᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ | ᠶᠣᠰᠣᠭᠠᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠶᠢ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠵᠤ᠂ ᠬᠠᠷᠠᠯᠲᠠ ᠱᠠᠭᠠᠷᠳᠠᠯᠭ᠎ᠠ ᠪᠠ ᠠᠵᠢᠯ ᠤᠨ ᠭᠤᠣᠯᠳᠠᠯᠭ᠎ᠠ ᠶᠢ ᠣᠨᠣᠪᠴᠢᠲᠠᠢ | ᠡᠵᠡᠮᠳᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠥᠵᠢᠯ ᠢ ᠦᠳᠲᠡᠷ ᠲᠦᠷᠭᠡᠨ ᠡᠬᠢᠯᠡᠭᠦᠯᠬᠦ ᠶᠢ ᠠᠬᠢᠭᠤᠯᠪᠠ᠃ | 4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠲᠥᠪ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠥᠬᠦ ᠨᠠᠮ ᠤᠨ ᠳᠣᠲᠣᠷ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ | ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ︽ᠪᠥᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠥᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ | ᠳᠥᠭᠦᠮᠴᠢᠯᠡᠨ᠎ᠡ︶ ᠢ ᠬᠢᠨᠠᠨ ᠵᠥᠪᠯᠡᠵᠦ᠂ ᠮᠠᠨ ᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠥᠵᠢᠯ ᠢ ᠥᠷᠨᠢᠭᠦᠯᠬᠦ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | 4 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠣᠷᠣᠯᠴᠠᠬᠤ | ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ | ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ | ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠣᠷᠣᠯᠴᠠᠨ ᠣᠶᠢᠯᠠᠭᠠᠵᠤ᠂ ᠮᠤᠵᠢ ᠶᠢᠨ ᠳᠡᠰ ᠤᠨ ᠨᠠᠮ ᠤᠨ | ᠭᠡᠰᠢᠭᠦᠨ ᠤᠳᠤᠷᠢᠳᠬᠤ ᠺᠠᠳ᠋ᠷ ᠤᠷᠢᠳ ᠢᠶᠠᠷ ᠰᠣᠷᠣᠯᠴᠠᠵᠤ ᠤᠷᠢᠳ ᠢᠶᠠᠷ ᠬᠡᠷᠡᠭᠵᠢᠭᠦᠯᠵᠦ᠂ ᠪᠥᠬᠦ ᠣᠷᠣᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ︽ᠬᠡᠷᠡᠭᠵᠢᠭᠦᠯᠬᠦ ᠲᠥᠰᠥᠯ︾ ᠳᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ︽ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠶᠢ ᠪᠥᠬᠦ | ᠨᠠᠮ ᠪᠦᠷᠬᠦᠭᠦᠯᠬᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ | ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ︾ ᠢ ᠦᠨᠡᠨ ᠬᠦ ᠭᠦᠨᠵᠡᠭᠡᠢ ᠰᠣᠷᠣᠯᠴᠠᠨ ᠲᠤᠭᠤᠷᠠᠲᠠᠯ᠎ᠠ ᠰᠣᠷᠣᠯᠴᠠᠵᠤ᠂ | ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ | ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ | ᠬᠢᠵᠦ ᠪᠣᠯᠬᠤ᠂ ᠶᠠᠭᠤ ᠶᠢ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠬᠤᠶᠠᠷ ᠲᠠᠯ᠎ᠠ ᠪᠠᠷ | ᠠᠳᠬᠤᠬᠤ᠂ ᠬᠤᠶᠠᠷ ᠲᠠᠯ᠎ᠠ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠥᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ | ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠲᠥᠪ ᠴᠢᠩᠭ᠎ᠠ ᠰᠠᠬᠢᠯᠭ᠎ᠠ ᠪᠠᠲᠤ ᠪᠠᠷ ︽ | ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠯᠠᠨ᠎ᠠ ᠭᠡᠵᠦ ᠢᠯᠡᠳᠬᠡᠵᠡᠭᠡᠪᠡ᠃ |