1. ᠶᠡᠷᠦᠩᠬᠡᠶ ᠳᠦᠷᠢᠮ | 1.1 ᠵᠣᠷᠢᠯᠭ᠎ᠠ ᠭᠡᠨᠡᠳᠲᠡ ᠶᠢᠨ ᠴᠢᠨᠠᠷᠲᠠᠶ ᠪᠠ ᠭᠡᠨᠡᠳᠲᠡ ᠶᠢᠨ ᠴᠢᠨᠠᠷᠲᠠᠶ ᠣᠶ ᠰᠢᠭᠤᠶ ᠪᠠ | ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠵᠤ | ᠂ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠤᠨ᠂ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ | ᠪᠣᠳᠠᠰ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠶ ᠰᠢᠭᠤᠶ ᠡᠪᠡᠰᠦ | ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ | ᠂ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃ | 1.2 ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠠᠤᠯᠢ ᠶᠣᠰᠣᠭᠠᠷ ᠵᠠᠰᠠᠬᠤ᠂ ᠡᠷᠡᠭᠦᠯ ᠮᠡᠨᠳᠦ ᠶᠢ | ᠠᠬᠢᠭᠤᠯᠬᠤ︾ ᠴᠢᠭᠯᠡᠯᠲᠡ ᠶᠢ ᠪᠠᠷᠢᠮᠲᠠᠯᠠᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠦ ᠠᠮᠢᠳᠤ | ᠪᠣᠳᠠᠰ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢ ᠪᠠᠨ | ᠳᠡᠭᠡᠭᠰᠢᠯᠡᠭᠦᠯᠵᠦ᠂ ᠪᠦᠬᠦ ᠲᠠᠯ᠎ᠠ ᠪᠠᠷ ᠬᠢᠨᠠᠨ ᠬᠡᠮᠵᠢᠵᠦ᠂ ᠬᠢᠵᠢᠭ ᠤᠨ ᠪᠠᠶᠢᠴᠠᠭᠠᠯᠲᠠ ᠶᠢ ᠴᠢᠩᠳᠠᠯᠠᠵᠤ᠂ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠲᠦᠷᠭᠡᠨ ᠲᠤᠰᠬᠠᠬᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠭᠰᠡᠨ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠤᠢ ᠰᠢᠭᠤᠢ ᠪᠠ ᠨᠤᠲᠤᠭ | ᠪᠡᠯᠴᠢᠭᠡᠷ ᠤᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠭᠠᠮᠰᠢᠭ ᠤᠨ ᠬᠡᠷᠡᠭ ᠢ ᠴᠠᠭ ᠲᠤᠬᠠᠢ ᠳᠤᠨᠢ | ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | 1.3 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠶ ᠰᠢᠭᠤᠶ ᠶᠢᠨ ᠬᠠᠤᠯᠢ︾ ︵2019 ᠣᠨ ᠳᠤ ᠵᠠᠰᠠᠪᠤᠷᠢ ᠣᠷᠣᠭᠤᠯᠪᠠ︶ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠬᠠᠤᠯᠢ︾ | 2009 ᠣᠨ ᠳᠤ ᠵᠠᠰᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ | ᠬᠠᠤᠯᠢ︾ ︵2021 ᠣᠨ ᠳᠤ ᠵᠠᠰᠠᠪᠤᠷᠢ ᠣᠷᠣᠭᠤᠯᠪᠠ︶ ︽ᠣᠷᠭᠤᠮᠠᠯ ᠤᠨ ᠬᠢᠵᠢᠭ ᠤᠨ ᠪᠠᠶᠢᠴᠠᠭᠠᠯᠳᠠ ᠶᠢᠨ | ᠲᠦᠷᠢᠮ︾ ︵2017 ᠣᠨ ᠳᠤ ᠵᠠᠰᠠᠪᠦᠷᠢ ᠣᠷᠣᠭᠤᠯᠪᠡ︶ ︽ᠣᠢ ᠰᠢᠭᠤᠢ ᠶᠢᠨ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠳᠦᠷᠢᠮ︾ ︵1989 ᠣᠨ︶ ︽ᠭᠠᠳᠠᠨ᠎ᠠ ᠠᠴᠠ ᠢᠷᠡᠭᠰᠡᠨ ᠣᠶ ᠰᠢᠭᠤᠶ ᠶᠢᠨ | ᠬᠦᠨᠳᠦ ᠬᠡᠴᠡᠭᠦᠦ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ | 2005 ᠣᠨ︶ ︽ᠲᠠᠯ᠎ᠠ ᠨᠤᠲᠤᠭ ᠤᠨ ᠬᠤᠷᠤᠬᠠᠢ ᠬᠤᠯᠤᠭᠠᠨ᠎ᠠ ᠤᠰᠠᠳᠬᠠᠬᠤ ᠶᠢ ᠬᠡᠷᠡᠭᠵᠢᠭᠦᠯᠬᠦ ᠲᠣᠭᠲᠠᠭᠠᠯ︾ ︵ | 1997 ᠣᠨ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠢᠵᠢᠭ ᠪᠠᠶᠢᠴᠠᠭᠠᠬᠤ | ᠳᠦᠷᠢᠮ ᠤᠨ ᠬᠡᠷᠡᠭᠵᠢᠭᠦᠯᠬᠦ ᠠᠷᠭ᠎ᠠ ︵ᠣᠶ ᠰᠢᠭᠤᠶ ᠶᠢᠨ ᠬᠡᠰᠡᠭ︶︾ 2010 ᠣᠨ ᠳᠤ ᠵᠠᠰᠠᠪᠤᠷᠢ ᠣᠷᠣᠭᠤᠯᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︵ | 2004 ᠣᠨ ᠳᠤ ᠵᠠᠰᠠᠪᠤᠷᠢ ᠣᠷᠣᠭᠤᠯᠤᠭᠰᠠᠨ︶ ︽ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ [ | 2014] 26 ᠳ᠋ᠤᠭᠠᠷ ᠲᠣᠭᠠᠲᠤ︶ ︽ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯ ᠭᠠᠮᠰᠢᠭ ᠤᠨ ᠲᠥᠷᠥᠯ | ᠵᠦᠢᠯ ᠵᠢᠴᠢ ᠲᠠᠰ ᠬᠤᠪᠢᠶᠠᠨ ︵ᠲᠤᠷᠰᠢᠨ ᠬᠡᠷᠡᠭᠵᠢᠭᠦᠯᠬᠦ︶︾ ︵ᠣᠶ ᠰᠢᠭᠤᠶ ᠪᠠ ᠨᠤᠲᠤᠭ ᠪᠡᠯᠴᠢᠭᠡᠷ ᠤᠨ ᠠᠮᠢᠳᠤ | ᠪᠣᠳᠠᠰ ᠤᠨ ᠭᠠᠮᠰᠢᠭ ᠤᠨ ᠬᠡᠰᠡᠭ ᠢ ᠲᠡᠭᠦᠪᠦᠷᠢᠯᠡᠬᠦ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃ | 1.4 ᠬᠡᠷᠡᠭᠯᠡᠬᠦ ᠬᠡᠪᠴᠢᠶ᠎ᠡ ᠲᠣᠰ ᠪᠡᠯᠡᠳᠬᠡᠯ ᠲᠥᠰᠦᠯ ᠢ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ | ᠣᠷᠣᠨ ᠤ ᠳᠣᠲᠣᠷ᠎ᠠ ᠭᠠᠷᠤᠭᠰᠠᠨ ᠬᠦᠨᠳᠦ ᠶᠡᠭᠡ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ | ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠳᠤ ᠬᠡᠷᠡᠭᠯᠡᠨ᠎ᠡ᠃ | 1.5 ᠠᠵᠢᠯᠯᠠᠬᠤ ᠵᠠᠷᠴᠢᠮ | 1.5.1 ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠵᠦ᠂ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠪᠠ ᠬᠢᠨᠠᠨ ᠬᠡᠮᠵᠢᠵᠦ ᠰᠡᠷᠡᠮᠵᠢᠯᠡᠭᠦᠯᠬᠦ᠂ ᠬᠢᠵᠢᠭ | ᠪᠠᠶᠢᠴᠠᠭᠠᠵᠤ ᠭᠠᠮᠰᠢᠭ ᠠᠴᠠ ᠰᠡᠷᠭᠡᠶᠢᠯᠡᠬᠦ᠂ ᠰᠡᠷᠭᠡᠶᠢᠯᠡᠨ ᠵᠠᠰᠠᠵᠤ ᠭᠠᠮᠰᠢᠭ ᠢ ᠪᠠᠭᠠᠰᠬᠠᠬᠤ ᠵᠢᠴᠢ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠠᠵᠢᠯ ᠢ ᠴᠢᠩᠭᠠᠷᠠᠭᠤᠯᠵᠤ᠂ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠬᠤ ᠶᠢ ᠤᠶᠠᠯᠳᠤᠭᠤᠯᠬᠤ ᠬᠡᠷᠡᠭᠲᠡᠶ᠃ | 1.5.2 ᠨᠢᠭᠡᠳᠦᠯᠲᠡᠢ ᠤᠳᠤᠷᠢᠳᠴᠤ᠂ ᠬᠠᠷᠢᠶ᠎ᠠ ᠭᠠᠵᠠᠷ ᠠᠴᠠ ᠬᠠᠷᠢᠭᠤᠴᠠᠨ᠂ ᠱᠠᠳᠤ ᠬᠤᠪᠢᠶᠠᠨ | ᠬᠠᠮᠢᠶᠠᠷᠤᠨ᠎ᠠ ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠤᠭᠤᠷᠢᠭ ᠤᠨ | ᠵᠢᠯᠣᠭᠤᠳᠬᠤ ᠭᠠᠵᠠᠷ ᠲᠣᠰ ᠪᠡᠯᠡᠳᠬᠡᠯ ᠲᠥᠰᠦᠯ ᠢ ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠬᠤ ᠶᠢ | ᠬᠠᠷᠢᠭᠤᠴᠠᠵᠤ᠂ ᠬᠠᠷᠢᠶ᠎ᠠ ᠣᠷᠣᠨ ᠠᠴᠠ ᠬᠠᠷᠢᠭᠤᠴᠠᠬᠤ᠂ ᠱᠠᠲᠤ ᠬᠤᠪᠢᠶᠠᠨ ᠬᠠᠮᠢᠶᠠᠷᠬᠤ᠂ ᠱᠠᠲᠤ ᠬᠤᠪᠢᠶᠠᠨ | ᠳᠠᠭᠠᠬᠤ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ | 1.5.3 ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ᠂ ᠬᠠᠮᠵᠢᠯᠴᠠᠨ ᠬᠠᠪᠰᠤᠷᠤᠯᠴᠠᠵᠤ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠨ᠎ᠡ ᠲᠣᠰ ᠪᠡᠯᠡᠳᠬᠡᠯ ᠲᠥᠰᠦᠯ ᠳᠤ ᠬᠤᠯᠪᠣᠭᠳᠠᠬᠤ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠵᠢᠴᠢ ᠲᠠᠰ ᠳᠠᠷᠠᠭᠠᠯᠠᠯ ᠤᠨ ᠶᠣᠰᠣᠭᠠᠷ᠂ ᠲᠣᠰ | ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠬᠠᠮᠲᠤᠷᠠᠨ ᠬᠥᠳᠡᠯᠦᠯᠴᠡᠵᠦ᠂ | ᠪᠡᠯᠡᠳᠬᠡᠯ ᠲᠥᠰᠦᠯ ᠤᠨ ᠬᠡᠷᠡᠭᠵᠢᠭᠦᠯᠦᠯᠲᠡ ᠶᠢᠨ ᠲᠦᠷᠭᠡᠨ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ | | 1.5.4 ᠰᠠᠭᠤᠷᠢ ᠶᠢ ᠪᠠᠬᠢᠵᠢᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠲᠦᠷᠭᠡᠨ ᠲᠤᠰᠬᠠᠨ᠎ᠠ ᠳ᠋ᠦᠩ ᠾᠧ | ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠡᠩᠨᠡᠭᠡ ᠪᠠ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ | ᠡᠳ᠋ ᠤᠨ ᠬᠦᠴᠦᠨ ᠤ ᠨᠥᠭᠡᠴᠡ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ | ᠴᠢᠩᠭᠠᠷᠠᠭᠤᠯᠵᠤ᠂ ᠲᠦᠷᠭᠡᠨ ᠳᠠᠭᠠᠵᠤ᠂ ᠪᠠᠴᠢᠮ ᠰᠢᠶ᠋ᠳᠪᠦᠷᠢᠯᠡᠵᠦ᠂ ᠪᠦᠲᠦᠮᠵᠢᠲᠡᠶ ᠡᠵᠡᠮᠳᠡᠬᠦ ᠶᠢ ᠦᠨᠡᠨᠬᠦ | ᠪᠡᠶᠡᠯᠡᠭᠦᠯᠦᠨ᠎ᠡ᠃ | 1.5.5 ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠬᠥᠮᠦᠨ ᠢᠶᠠᠷ ᠦᠨᠳᠦᠰᠦ ᠪᠣᠯᠭᠠᠵᠤ᠂ ᠪᠣᠬᠢᠷᠲᠤᠯ | ᠦᠭᠡᠢ ᠪᠠᠷ ᠰᠡᠷᠭᠡᠶᠢᠯᠡᠨ ᠡᠵᠡᠮᠳᠡᠬᠦ ᠪᠣᠳᠠᠲᠠᠶ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠵᠤ᠂ ᠲᠡᠷᠢᠭᠦᠨ ᠤ᠂ ᠪᠣᠬᠢᠷᠲᠤᠯ ᠥᠬᠡᠶ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ | ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠬᠢᠵᠠᠭᠠᠷᠯᠠᠵᠤ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠭᠦᠢᠴᠡᠳ ᠪᠠᠲᠤᠯᠠᠵᠤ᠂ ᠠᠮᠢ ᠠᠬᠤᠶ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠤᠷᠠᠭᠤᠯᠵᠤ᠂ ᠦᠷᠭᠦᠯᠵᠢᠯᠡᠨ ᠵᠠᠰᠠᠬᠤ ᠬᠠᠷᠠᠯᠲᠠ ᠳᠤ ᠬᠦᠷᠦᠭᠦᠯᠬᠦ | ᠬᠡᠷᠡᠭᠲᠡᠶ᠃ | 2. ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠵᠢᠴᠢ ᠡᠭᠦᠷᠭᠡ ᠬᠠᠷᠢᠭᠤᠴᠠᠯᠭ᠎ᠠ 2.1 ᠵᠢᠯᠥᠭᠤᠳᠬᠤ | ᠪᠠᠶᠢᠭᠤᠯᠥᠮᠵᠢ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠦᠨᠳᠦ ᠶᠡᠭᠡ ᠣᠶ ᠰᠢᠭᠤᠶ ᠪᠠ | ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ︵ᠳᠣᠷᠣᠭᠰᠢ᠄ ᠲᠣᠭᠤᠷᠢᠭ ᠤᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ | ᠂ ᠵᠢᠯᠣᠭᠤᠳᠬᠤ ᠭᠠᠵᠠᠷ ᠨᠢ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ᠂ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢᠶᠠᠷ ᠪᠦᠷᠢᠯᠳᠦᠨ᠂ ᠪᠥᠬᠦ ᠣᠷᠣᠨ ᠤ ᠣᠶ ᠰᠢᠭᠤᠶ ᠡᠪᠡᠰᠦ | ᠪᠡᠯᠴᠢᠭᠡᠷ ᠤᠨ ᠬᠥᠨᠥᠭᠡᠯᠲᠡᠶ ᠬᠦᠨᠳᠦ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠤᠳᠤᠷᠢᠳᠬᠤ᠂ ᠵᠢᠯᠣᠭᠤᠳᠬᠤ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ | ᠬᠠᠷᠢᠭᠤᠴᠠᠨ᠎ᠠ᠃ ᠶᠡᠷᠦᠩᠬᠡᠶ ᠵᠢᠯᠤᠭᠤᠳᠤᠭᠴᠢ᠄ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠳᠠᠷᠤᠭ᠎ᠠ ᠳᠡᠳ᠋ ᠶᠡᠷᠦᠩᠬᠡᠶ ᠵᠢᠯᠣᠭᠤᠳᠣᠭᠴᠢ᠄ ᠣᠷᠣᠨ ᠤ ᠵᠠᠰᠠᠭ ᠤᠨ ᠣᠷᠳᠣᠨ ᠤ ᠠᠯᠪᠠᠨ ᠬᠡᠷ ᠤᠨ | ᠳᠡᠳ᠋ ᠡᠷᠬᠢᠯᠡᠭᠴᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠪᠦᠷᠢᠯᠳᠦᠬᠦᠨ | ᠨᠢᠭᠡᠴᠡ᠄ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠤᠭᠤᠷᠢᠭ ᠤᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤ᠂ ᠲᠤᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ | ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠳ᠋ᠦᠩ ᠾᠧ ᠬᠤᠪᠢᠶᠠᠷᠢ ᠺᠣᠮᠫᠠᠨᠢ᠂ ᠬᠥᠬᠡᠬᠤᠲᠠ ᠶᠢᠨ | ᠲᠣᠪᠴᠢᠶ᠎ᠠ ᠶᠢᠨ ᠪᠦᠯᠦᠭᠯᠡᠯᠲᠦ ᠺᠣᠮᠫᠠᠨᠢ ᠶᠢᠨ ᠪᠤᠭᠤᠲᠤ ᠶᠢᠨ ᠲᠡᠮᠦᠷ ᠵᠠᠮ ᠤᠨ ᠵᠡᠭᠦᠨ ᠥᠷᠲᠡᠭᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠦᠩ ᠾᠧ ᠬᠤᠪᠢᠶᠠᠷᠢ ᠺᠣᠮᠫᠠᠨᠢ᠂ ᠳᠤᠮᠳᠠᠳᠤ | ᠤᠯᠤᠰ ᠤᠨ ᠰᠢᠯᠵᠢᠮᠡᠯ ᠬᠤᠯᠪᠣᠭᠠᠨ ᠤ ᠳ᠋ᠦᠩ ᠾᠧ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ | ᠬᠤᠯᠪᠣᠭ᠎ᠠ ᠶᠢᠨ ᠳ᠋ᠦᠩ ᠾᠧ ᠬᠤᠪᠢᠶᠠᠷᠢ ᠺᠣᠮᠫᠠᠨᠢ ᠲᠣᠭᠤᠷᠢᠭ ᠤᠨ ᠵᠢᠯᠣᠭᠤᠳᠬᠤ ᠭᠠᠵᠠᠷ ᠤᠨ ᠳᠣᠤᠷ᠎ᠠ ᠠᠯᠪᠠᠨ ᠭᠡᠷ | ᠪᠠᠶᠢᠭᠤᠯᠤᠨ᠎ᠠ᠃ ᠠᠯᠪᠠᠨ ᠬᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ | ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠬᠠᠪᠰᠤᠷᠭᠠᠨ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ | ᠳᠡᠳ᠋ ᠲᠣᠪᠴᠢᠶᠠᠨ ᠳᠠᠷᠤᠭ᠎ᠠ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ ᠪᠦᠷᠢᠯᠳᠦᠬᠦᠨ ᠨᠢ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠷᠢᠶ᠎ᠠ ᠡᠯ᠎ᠡ ᠲᠠᠰᠤᠭ ᠵᠢᠴᠢ ᠬᠤᠶᠠᠳᠤᠭᠠᠷ | ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠢᠶᠠᠷ ᠪᠦᠷᠢᠯᠳᠦᠨ᠎ᠡ᠃ ᠲᠣᠭᠤᠷᠢᠭ ᠤᠨ ᠵᠢᠯᠣᠭᠤᠳᠬᠤ ᠭᠠᠵᠠᠷ ᠨᠢ ᠪᠠᠴᠢᠮ | ᠪᠠᠶᠢᠳᠠᠯ ᠢ ᠠᠷᠭᠠᠴᠠᠬᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ | ᠂ ᠣᠶ ᠰᠢᠭᠤᠶ ᠡᠪᠡᠰᠦ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ | ᠤᠷᠭᠤᠮᠠᠯ ᠤᠨ ᠬᠠᠮᠠᠭᠠᠯᠠᠯᠲᠠ᠂ ᠴᠡᠴᠡᠷᠯᠢᠭ ᠵᠡᠷᠭᠡ ᠬᠠᠮᠢᠶ᠎ᠠ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠡ︶ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠤᠷᠰᠢᠯᠭ᠎ᠠ ᠪᠠᠷ ᠪᠠᠶᠠᠯᠢᠭ ᠠᠵᠢᠯᠲᠠᠨ ᠢᠶᠠᠷ ᠪᠦᠷᠢᠯᠳᠦᠨ᠎ᠡ᠃ | 2.2 ᠡᠬᠦᠷᠭᠡ ᠬᠠᠷᠢᠭᠤᠴᠠᠯᠭ᠎ᠠ | 2.1 ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠤᠤᠷ ᠬᠥᠨᠥᠭᠡᠯ ᠲᠠᠢ ᠠᠮᠢᠳᠤ ᠪᠣᠳᠠᠰ ᠤᠨ | ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠡᠬᠢᠯᠡᠭᠦᠯᠦᠨ ᠬᠡᠷᠡᠭᠵᠢᠭᠦᠯᠬᠦ ᠪᠤᠶᠤ ᠳᠠᠭᠤᠰᠬᠠᠬᠤ ᠶᠢ ᠬᠠᠷᠢᠭᠤᠴᠠᠨ᠎ᠠ︔ ᠪᠥᠬᠦ | ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠬᠦᠨᠳᠦ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠰᠡᠷᠭᠡᠶᠢᠯᠡᠨ ᠬᠢᠵᠠᠭᠠᠷᠯᠠᠬᠤ ᠶᠢᠨ ᠨᠢᠭᠡᠳᠦᠯᠲᠡᠶ ᠵᠢᠯᠣᠭᠤᠳᠣᠯᠭ᠎ᠠ ᠶᠢ ᠬᠠᠷᠢᠭᠤᠴᠠᠵᠤ᠂ ᠲᠣᠰ ᠪᠡᠯᠡᠳᠬᠡᠯ | ᠲᠥᠰᠦᠯ ᠢ ᠵᠣᠬᠢᠶᠠᠨ ᠪᠠᠶᠢᠭᠤᠯᠬᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠶ︔ | ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠵᠤ᠂ | ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠬᠦᠨᠳᠦ ᠪᠣᠳᠠᠰ ᠤᠨ ᠭᠠᠮᠰᠢᠭ ᠢ ᠤᠷᠢᠳᠴᠢᠯᠠᠨ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠰᠢᠶ᠋ᠳᠪᠦᠷᠢᠯᠡᠬᠦ ᠠᠵᠢᠯ ᠢ ᠵᠢᠯᠣᠭᠤᠳᠴᠤ᠂ ᠰᠡᠷᠭᠡᠶᠢᠯᠡᠨ ᠡᠵᠡᠮᠳᠡᠬᠦ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠵᠣᠬᠢᠴᠠᠭᠤᠯᠵᠤ᠂ ᠰᠢᠶ᠋ᠳᠪᠦᠷᠢᠯᠡᠨ᠎ᠡ᠃ | 2. ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠲᠣᠭᠤᠷᠢᠭ ᠤᠨ ᠳᠠᠭᠠᠭᠠᠨ | ᠡᠷᠬᠢᠯᠡᠬᠦ ᠭᠠᠵᠠᠷ ᠤᠨ ᠠᠯᠪᠠᠨ ᠠᠵᠢᠯ ᠤᠨ ᠬᠤᠷᠠᠯ ᠢ ᠬᠤᠷᠠᠯᠳᠤᠭᠤᠯᠬᠤ ᠶᠢ ᠬᠠᠷᠢᠭᠤᠴᠠᠵᠤ᠂ ᠡᠯ᠎ᠡ ᠪᠦᠷᠢᠯᠳᠦᠬᠦᠨ | ᠨᠢᠭᠡᠴᠡ ᠲᠠᠢ ᠬᠠᠷᠢᠯᠴᠠᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠥᠷᠨᠢᠭᠦᠯᠬᠦ ᠶᠢ ᠵᠣᠬᠢᠴᠠᠭᠤᠯᠵᠤ᠂ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠤᠨ ᠭᠠᠮᠰᠢᠭ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠤᠭᠯᠠᠭᠤᠯᠵᠤ᠂ | ᠬᠤᠷᠢᠶᠠᠩᠭᠤᠶᠢᠯᠠᠬᠤ ᠪᠠ ᠵᠠᠳᠠᠯᠵᠤ᠂ ᠭᠠᠮᠰᠢᠭ ᠤᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ | ᠠᠵᠢᠯ ᠢ ᠥᠷᠨᠢᠭᠦᠯᠦᠭᠰᠡᠨ ᠪᠠᠶᠢᠳᠠᠯ ᠢ ᠳᠡᠭᠡᠭᠰᠢ ᠮᠡᠳᠡᠭᠦᠯᠦᠨ᠎ᠡ︔ ᠲᠣᠰ ᠪᠡᠯᠡᠳᠬᠡᠯ ᠲᠥᠰᠦᠯ ᠢ ᠲᠦᠷᠦᠭᠦᠯᠡᠨ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠷᠢᠯᠳᠦᠬᠦᠨ ᠨᠢᠭᠡᠴᠡ ᠶᠢᠨ ᠵᠢᠭᠠᠪᠤᠷᠢ ᠠᠪᠬᠤ ᠪᠠ ᠪᠠᠴᠢᠮ ᠪᠠᠶᠢᠳᠠᠯ ᠢ | ᠠᠷᠭᠠᠴᠠᠬᠤ ᠬᠡᠷᠡᠭᠴᠡᠭᠡ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠭᠠᠮᠰᠢᠭᠳᠠᠭᠰᠠᠨ ᠪᠦᠷᠢᠯᠳᠦᠬᠦᠨ | ᠨᠢᠭᠡᠴᠡ ᠶᠢᠨ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠰᠢᠮᠳᠠᠭᠤᠯᠤᠨ ᠵᠢᠯᠣᠭᠤᠳᠤᠨ᠎ᠠ︔ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ | ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠡᠩᠨᠡᠭᠡ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ | ᠲᠤᠭᠤᠷᠢᠭ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠭᠰᠠᠨ ᠪᠤᠰᠤᠳ ᠠᠵᠢᠯ ᠤᠨ ᠡᠭᠦᠷᠭᠡ ᠶᠢ ᠡᠭᠦᠷᠭᠡᠯᠡᠨ᠎ᠡ᠃ | 2.3 ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠲᠤᠭᠤᠷᠢᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠄ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠡᠨᠡᠳᠲᠡ ᠶᠢᠨ | ᠬᠡᠷᠡᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠶᠢ ᠬᠠᠷᠢᠭᠤᠴᠠᠨ᠎ᠠ︔ ᠮᠡᠳᠡᠭᠡ ᠵᠠᠩᠭᠢ | ᠨᠡᠶᠢᠲᠡᠯᠡᠬᠦ᠂ ᠰᠣᠨᠢᠨ ᠮᠡᠳᠡᠭᠡ ᠮᠡᠳᠡᠭᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠴᠤ ᠲᠣᠬᠢᠷᠠᠭᠤᠯᠤᠨ | ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠤᠭᠤᠷᠢᠭ ᠤᠨ ᠨᠠᠮ ᠤᠨ | ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠣᠶ ᠰᠢᠭᠤᠶ ᠡᠪᠡᠰᠦ ᠪᠡᠯᠴᠢᠭᠡᠷ ᠤᠨ | ᠭᠡᠨᠡᠳᠲᠡ ᠶᠢᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠬᠡᠷᠡᠭ ᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ᠄ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠤᠨ ᠬᠤᠯᠪᠣᠭᠳᠠᠯ ᠪᠥᠬᠦᠶ ᠮᠠᠲ᠋ᠧᠷᠢᠶᠠᠯ᠂ ᠪᠢᠴᠢᠭ ᠮᠠᠲ᠋ᠧᠷᠢᠶᠠᠯ ᠪᠠ ᠮᠡᠳᠡᠭᠡ ᠵᠠᠩᠭᠢ ᠶᠢ ᠭᠥᠯᠢᠶᠡᠨ ᠠᠪᠴᠤ | ᠳᠡᠭᠡᠭᠰᠢ ᠮᠡᠳᠡᠭᠦᠯᠬᠦ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠥᠬᠦᠶ ᠤᠳᠤᠷᠢᠳᠤᠯᠭ᠎ᠠ ᠳᠤ ᠴᠠᠭ ᠲᠤᠬᠠᠶ ᠳᠤᠨᠢ | ᠳᠠᠮᠵᠢᠭᠤᠯᠬᠤ ᠬᠡᠷᠡᠭᠲᠡᠶ᠃ ᠣᠷᠣᠨ ᠤ ᠵᠢᠯᠣᠭᠤᠳᠬᠤ ᠭᠠᠵᠠᠷ ᠢ ᠬᠠᠮᠵᠢᠨ ᠡᠯ᠎ᠡ ᠪᠦᠷᠢᠯᠳᠦᠬᠦᠨ ᠨᠢᠭᠡᠴᠡ ᠶᠢᠨ | ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠪᠠᠶᠢᠴᠠᠭᠠᠵᠤ᠂ ᠣᠷᠣᠨ ᠤ ᠵᠢᠯᠣᠭᠤᠳᠬᠤ ᠭᠠᠵᠠᠷ ᠵᠢᠴᠢ ᠭᠠᠮᠰᠢᠭ ᠡᠭᠦᠰᠦᠭᠰᠡᠨ ᠭᠠᠵᠠᠷ ᠣᠷᠣᠨ ᠤ ᠰᠡᠷᠭᠡᠶᠢᠯᠡᠨ | ᠵᠠᠰᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ ᠲᠤᠯᠭᠠᠷᠠᠭᠰᠠᠨ ᠪᠠᠴᠢᠮ ᠲᠤᠯᠭᠠᠮ᠎ᠠ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠄ ᠪᠡᠯᠡᠳᠬᠡᠯ ᠲᠥᠰᠦᠯ ᠢ ᠡᠬᠢᠯᠡᠭᠦᠯᠬᠦ ᠶᠠᠪᠤᠴᠠ ᠳᠤ ᠬᠤᠯᠪᠣᠭᠳᠠᠬᠤ ᠬᠠᠷᠢᠶ᠎ᠠ ᠣᠷᠣᠨ ᠤ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠶᠢᠨ ᠬᠠᠮᠲᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠳᠤ ᠣᠷᠣᠭᠤᠯᠬᠤ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠳᠠᠭᠠᠯᠠᠬᠤ᠂ | ᠲᠣᠬᠢᠷᠠᠭᠤᠯᠬᠤ ᠪᠠ ᠪᠠᠴᠢᠮ ᠬᠠᠩᠭᠠᠬᠤ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠰᠡᠷᠭᠡᠶᠢᠯᠡᠨ ᠡᠵᠡᠮᠳᠡᠬᠦ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠲᠥᠷᠥᠯ | ᠵᠦᠢᠯ ᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠶᠢᠨ ᠬᠢᠨᠠᠨ ᠬᠡᠮᠵᠢᠬᠦ | ᠂ ᠬᠢᠵᠢᠭ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠪᠡᠯᠡᠳᠬᠡᠮᠵᠢ ᠪᠠ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠤᠨ᠎ᠠ᠃ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ ᠠᠵᠢᠯ ᠤᠨ ᠳᠤᠮᠳᠠᠬᠢ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠠᠮᠤᠷ ᠲᠦᠪᠰᠢᠨ ᠤ | ᠬᠠᠮᠠᠭᠠᠯᠠᠯᠲᠠ ᠵᠢᠴᠢ ᠬᠢᠵᠢᠭ ᠲᠤ ᠬᠤᠯᠪᠣᠭᠳᠠᠭᠰᠠᠨ ᠡᠷᠡᠭᠦᠦ ᠶᠢᠨ ᠬᠡᠷᠡᠭ ᠢ ᠰᠢᠶ᠋ᠳᠪᠦᠷᠢᠯᠡᠬᠦ ᠵᠡᠷᠭᠡ ᠠᠵᠢᠯ ᠢ | ᠬᠠᠷᠢᠭᠤᠴᠠᠨ ᠰᠢᠶ᠋ᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠴᠢᠬᠤᠯᠠᠲᠠᠶ ᠦᠶ᠎ᠡ ᠳᠤ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠡᠰᠡᠭ ᠲᠠᠯ᠎ᠠ ᠶᠢᠨ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠬᠤ ᠶᠢ ᠬᠡᠷᠡᠭᠵᠢᠭᠦᠯᠦᠨ᠎ᠡ᠃ ᠣᠷᠣᠨ ᠤ ᠡᠳ᠋ ᠤᠨ ᠵᠠᠰᠠᠭ ᠤᠨ ᠲᠣᠪᠴᠢᠶ᠎ᠠ᠄ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ ᠭᠠᠮᠰᠢᠭ ᠠᠴᠠ ᠠᠪᠤᠷᠬᠠᠤ ᠪᠠᠯᠠ ᠮᠥᠩᠭᠦ ᠴᠤᠭᠯᠠᠭᠤᠯᠬᠤ᠂ ᠰᠠᠯᠭᠠᠨ ᠥᠭᠬᠦ ᠶᠢ ᠬᠠᠷᠢᠭᠤᠴᠠᠵᠤ᠂ | ᠰᠡᠷᠭᠡᠶᠢᠯᠡᠨ ᠵᠠᠰᠠᠬᠤ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠪᠠᠲᠤᠯᠠᠬᠤ ᠶᠢᠨ | ᠬᠠᠮᠲᠤ ᠰᠡᠷᠭᠡᠶᠢᠯᠡᠨ ᠵᠠᠰᠠᠬᠤ ᠵᠠᠷᠤᠳᠠᠯ ᠤᠨ ᠬᠡᠷᠡᠭᠯᠡᠯᠲᠡ ᠶᠢ ᠬᠠᠮᠢᠶᠠᠷᠬᠤ ᠪᠠ ᠬᠢᠨᠠᠯᠲᠠ ᠲᠠᠯᠪᠢᠨ᠎ᠠ︔ ᠭᠠᠮᠰᠢᠭ ᠢ | ᠰᠡᠷᠭᠡᠶᠢᠯᠡᠨ ᠡᠵᠡᠮᠳᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠰᠡᠷᠭᠡᠶᠢᠯᠡᠨ ᠡᠵᠡᠮᠳᠡᠬᠦ ᠲᠣᠨᠤᠭ | ᠲᠥᠬᠦᠭᠡᠷᠦᠮᠵᠢ᠂ ᠡᠳ᠋ ᠪᠣᠳᠠᠰ ᠤᠨ ᠨᠥᠭᠡᠴᠡ ᠵᠢᠴᠢ ᠭᠠᠮᠰᠢᠭ ᠤᠨ ᠳᠠᠷᠠᠭ᠎ᠠ ᠰᠡᠷᠭᠦᠭᠡᠬᠦ ᠵᠡᠷᠭᠡ ᠳᠤ ᠬᠡᠷᠡᠭᠰᠡᠬᠦ ᠪᠠᠯᠠ | ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯᠲᠠᠨ ᠤ ᠠᠵᠢᠯ ᠠᠴᠠ ᠪᠣᠯᠤᠭᠰᠠᠨ ᠭᠡᠮᠲᠦᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠵᠢᠯᠴᠠᠨ | ᠰᠠᠶᠢᠲᠤᠷ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ᠄ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠪᠠ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠬᠦ ᠶᠢ ᠬᠠᠷᠢᠭᠤᠴᠠᠨ᠎ᠠ᠃ ᠬᠤᠲᠠ | ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ | ᠵᠠᠶᠢᠯᠠᠬᠤ ᠬᠡᠷᠡᠭᠴᠡᠭᠡ ᠶᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠢ ᠵᠦᠢ | ᠵᠣᠬᠢᠰᠲᠠᠶ ᠲᠣᠭᠲᠠᠭᠠᠬᠤ ᠶᠢ ᠬᠠᠷᠢᠭᠤᠴᠠᠬᠤ ᠬᠡᠷᠡᠭᠲᠡᠶ᠃ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠄ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠠᠮᠢᠳᠤ ᠪᠣᠳᠠᠰ ᠤᠨ ᠭᠠᠮᠰᠢᠭ ᠭᠠᠷᠤᠭᠰᠠᠨ ᠭᠠᠵᠠᠷ | ᠣᠷᠣᠨ ᠤ ᠠᠭᠠᠷ᠂ ᠤᠰᠤ᠂ ᠬᠥᠷᠥᠰᠥ ᠰᠢᠷᠣᠶ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ | ᠪᠠᠶᠢᠳᠠᠯ ᠳᠤ ᠪᠠᠴᠢᠮ ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ | ᠬᠠᠷᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠣᠳᠣᠨ ᠡᠳ᠋ᠯᠡᠯ ᠤᠨ ᠬᠡᠷᠡᠭᠯᠡᠯᠲᠡ ᠬᠠᠮᠢᠶᠠᠷᠤᠯᠲᠠ ᠶᠢ | ᠬᠠᠷᠢᠭᠤᠴᠠᠵᠤ᠂ ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯᠲᠦ ᠠᠮᠢᠳᠤ ᠪᠣᠳᠠᠰ ᠤᠨ ᠮᠣᠳᠣᠨ ᠮᠠᠲ᠋ᠧᠷᠢᠶᠠᠯ᠂ | ᠴᠠᠬᠢᠯᠭᠠᠨ ᠳᠡᠭᠡᠰᠦᠨ ᠲᠠᠪᠠᠭ ᠵᠡᠷᠭᠡ ᠮᠣᠳᠣᠨ ᠡᠳ᠋ᠯᠡᠯ ᠢ ᠬᠡᠷᠡᠭᠯᠡᠬᠦ ᠦᠭᠡᠢ᠃ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠄ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠲᠣᠰ ᠵᠠᠰᠠᠭ | ᠵᠠᠬᠢᠷᠭᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠎ᠠ︔ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠮᠡᠷᠭᠡᠵᠢᠯ ᠤᠨ ᠬᠢᠨᠠᠨ | ᠲᠣᠭᠲᠠᠭᠠᠯᠲᠠ᠂ ᠭᠠᠮᠰᠢᠭ ᠤᠨ ᠪᠠᠶᠢᠳᠠᠯ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠬᠠᠷᠢᠭᠤᠴᠠᠵᠤ᠂ ᠭᠠᠮᠰᠢᠭ ᠢ | ᠰᠡᠷᠭᠡᠶᠢᠯᠡᠨ ᠡᠵᠡᠮᠳᠡᠬᠦ᠂ ᠬᠢᠵᠢᠭ ᠪᠠᠶᠢᠴᠠᠭᠠᠵᠤ ᠪᠢᠲᠡᠭᠦᠮᠵᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠵᠤ ᠨᠥᠭᠡᠴᠡᠯᠡᠬᠦ ᠡᠳ᠋ ᠪᠣᠳᠠᠰ ᠤᠨ | ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠵᠠᠷᠤᠳᠠᠯ ᠢ ᠬᠡᠷᠡᠭᠯᠡᠬᠦ ᠰᠠᠨᠠᠭᠤᠯᠭ᠎ᠠ ᠳᠤᠷᠠᠳᠤᠨ᠎ᠠ︔ | ᠭᠠᠮᠰᠢᠭ ᠤᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠴᠤᠭᠯᠠᠭᠤᠯᠬᠤ᠂ ᠬᠢᠨᠠᠨ ᠪᠠᠶᠢᠴᠠᠭᠠᠬᠤ᠂ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠭᠠᠮᠰᠢᠭ ᠤᠨ | ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ | ᠴᠤᠭᠯᠠᠭᠤᠯᠬᠤ᠂ ᠬᠢᠨᠠᠨ ᠪᠠᠶᠢᠴᠠᠭᠠᠬᠤ᠂ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠵᠤ | ᠨᠥᠭᠡᠴᠡᠯᠡᠬᠦ ᠡᠳ᠋ ᠪᠣᠳᠠᠰ ᠢ ᠬᠤᠳᠠᠯᠳᠤᠨ ᠠᠪᠬᠤ᠂ ᠨᠥᠭᠡᠴᠡᠯᠡᠬᠦ᠂ ᠬᠠᠮᠢᠶᠠᠷᠬᠤ᠂ ᠲᠣᠬᠢᠷᠠᠭᠤᠯᠬᠤ ᠶᠢ ᠬᠠᠷᠢᠭᠤᠴᠠᠨ᠎ᠠ | ︔ ᠰᠡᠷᠭᠡᠶᠢᠯᠡᠨ ᠡᠵᠡᠮᠳᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠡᠭᠦᠷᠭᠡ | ᠴᠢᠳᠠᠪᠤᠷᠢ ᠶᠢᠨ ᠬᠡᠪᠴᠢᠶᠡᠨ ᠳᠣᠲᠣᠷ᠎ᠠ ᠣᠶᠢᠵᠢᠭᠤᠯᠤᠭᠰᠠᠨ ᠠᠵᠤ ᠠᠬᠤᠶ ᠶᠢᠨ ᠣᠶ ︵ᠵᠢᠮᠢᠰ ᠤᠨ ᠮᠣᠳᠣ︶᠂ ᠴᠢᠬᠢ | ᠮᠣᠳᠣᠨ ᠤ ᠬᠦᠷᠢᠶᠡᠯᠡᠩ ᠪᠠ ᠪᠡᠯᠴᠢᠭᠡᠷ ︵ᠮᠠᠯᠵᠢᠯ ᠤᠨ ᠲᠠᠯᠠᠪᠠᠶ︶ ᠵᠡᠷᠭᠡ ᠣᠶ ᠰᠢᠭᠤᠶ ᠡᠪᠡᠰᠦ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ | ᠲᠠᠷᠢᠶᠠᠯᠠᠬᠤ ᠣᠷᠣᠨ ᠤ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ᠂ | ᠭᠠᠮᠰᠢᠭᠳᠠᠭᠰᠠᠨ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠮᠢᠲᠠᠨ ᠤ ᠬᠢᠵᠢᠭ ᠢ | ᠰᠡᠷᠭᠡᠶᠢᠯᠡᠬᠦ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ | ᠬᠤᠬᠢᠷᠠᠯ ᠢ ᠦᠨᠡᠯᠡᠨ ᠵᠢᠱᠢᠬᠦ ᠪᠠ ᠭᠠᠮᠰᠢᠭ ᠤᠨ ᠳᠠᠷᠠᠭᠠᠬᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ | ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠮᠰᠢᠭᠳᠠᠭᠰᠠᠨ ᠣᠷᠣᠨ ᠤ ᠤᠰᠤᠨ ᠤ ᠪᠠᠶᠢᠳᠠᠯ᠂ | ᠭᠠᠩ ᠤᠨ ᠪᠠᠶᠢᠳᠠᠯ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠵᠡᠷᠭᠡ ᠠᠵᠢᠯ ᠢ ᠬᠠᠷᠢᠭᠤᠴᠠᠨ᠎ᠠ᠃ ᠣᠷᠣᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠄ ᠪᠥᠬᠦ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠶ ᠰᠢᠭᠤᠶ | ᠨᠤᠲᠤᠭ ᠪᠡᠯᠴᠢᠭᠡᠷ ᠤᠨ ᠬᠤᠤᠷ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠬᠦ᠂ ᠠᠶᠤᠯ ᠥᠬᠡᠶ | ᠦᠶ᠋ᠯᠡᠳᠪᠦᠷᠢᠯᠡᠯ᠂ ᠵᠠᠬ᠎ᠠ ᠳᠡᠯᠭᠡᠭᠦᠷ ᠤᠨ ᠡᠵᠡᠩᠨᠡᠯᠲᠡ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠤᠨ | ᠬᠢᠨᠠᠯᠲᠠ ᠬᠠᠮᠢᠶᠠᠷᠤᠯᠲᠠ ᠪᠠ ᠤᠬᠠᠭᠤᠯᠭ᠎ᠠ ᠶᠢ ᠬᠠᠷᠢᠭᠤᠴᠠᠨ᠎ᠠ︔ ᠬᠡᠷᠡᠭᠴᠡᠭᠡ ᠪᠠᠨ ᠦᠨᠳᠦᠰᠦᠯᠡᠨ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠪᠠ ᠵᠢᠯᠣᠭᠤᠳᠣᠯᠭ᠎ᠠ ᠵᠡᠷᠭᠡ ᠬᠠᠮᠢᠶ᠎ᠠ | ᠪᠥᠬᠦᠶ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠵᠣᠬᠢᠴᠠᠭᠤᠯᠵᠤ᠂ ᠵᠢᠭᠤᠯᠴᠢᠯᠠᠯ ᠤᠨ ᠠᠵᠢᠯ ᠲᠥᠷᠥᠯ ᠢ ᠵᠣᠬᠢᠶᠠᠨ | ᠪᠠᠶᠢᠭᠤᠯᠤᠨ ᠣᠶ ᠰᠢᠭᠤᠶ ᠨᠤᠲᠤᠭ ᠪᠡᠯᠴᠢᠭᠡᠷ ᠤᠨ ᠬᠤᠤᠷ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠢ | ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠨ᠎ᠠ᠃ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠣᠶ ᠰᠢᠭᠤᠶ ᠨᠤᠲᠤᠭ ᠪᠡᠯᠴᠢᠭᠡᠷ ᠤᠨ ᠬᠦᠨᠳᠦ | ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠠᠪᠤᠴᠠ ᠳᠤ ᠭᠠᠷᠴᠤ ᠮᠡᠳᠡᠬᠦ | ᠡᠮᠴᠢᠯᠡᠭᠡᠨ ᠤ ᠠᠪᠤᠷᠠᠨ ᠲᠤᠰᠠᠯᠠᠬᠤ᠂ ᠰᠢᠷᠬᠠᠲᠤᠭᠰᠠᠳ ᠢ ᠠᠪᠤᠷᠠᠨ ᠡᠮᠨᠡᠬᠦ᠂ ᠬᠥᠮᠦᠨ ᠤ ᠬᠤᠭᠤᠷᠤᠨᠳᠤᠬᠢ | ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠵᠣᠬᠢᠴᠠᠭᠤᠯᠤᠨ ᠵᠣᠬᠢᠶᠠᠨ ᠪᠠᠶᠢᠭᠤᠯᠬᠤ ᠵᠡᠷᠭᠡ | ᠠᠵᠢᠯ ᠢ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ | ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠤᠭᠠᠨ᠎ᠠ ᠶᠢᠨ ᠬᠢᠵᠢᠭ ᠤᠨ ᠬᠢᠵᠢᠭᠲᠦ ᠣᠷᠣᠨ ᠢ ᠲᠤᠰᠠᠭᠠᠷᠯᠠᠬᠤ ᠪᠠ | ᠪᠢᠲᠡᠭᠦᠮᠵᠢᠯᠡᠬᠦ ᠰᠠᠨᠠᠭᠤᠯᠭ᠎ᠠ ᠶᠢ ᠬᠠᠤᠯᠢ ᠶᠣᠰᠣᠭᠠᠷ ᠳᠤᠷᠠᠳᠴᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ | ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠨ᠎ᠡ᠃ ᠣᠷᠣᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ | ᠰᠢᠯᠵᠢᠭᠦᠯᠦᠨ ᠥᠭᠬᠦ ᠪᠠ ᠣᠷᠣᠨ ᠤ ᠱᠠᠲᠤᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠬᠤᠪᠢᠶᠠᠷᠢᠯᠠᠬᠤ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠭᠠᠮᠰᠢᠭᠳᠠᠭᠰᠠᠨ ᠣᠷᠣᠨ ᠤ ᠬᠠᠮᠢᠶ᠎ᠠ ᠪᠦᠬᠦᠢ ᠦᠶ᠋ᠯᠡᠳᠪᠦᠷᠢᠯᠡᠯ | ᠠᠮᠢᠳᠤᠷᠠᠯ ᠤᠨ ᠡᠳ᠋ ᠪᠣᠳᠠᠰ ᠤᠨ ᠲᠣᠭᠤᠷᠢᠭ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠬᠦ ᠶᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠤᠭᠯᠠᠭ᠎ᠠ | ᠮᠠᠶᠢᠮᠠᠶ ᠶᠢᠨ ᠵᠠᠬ᠎ᠠ ᠳᠡᠯᠭᠡᠭᠦᠷ ᠳᠡᠭᠡᠷᠡᠬᠢ ᠲᠠᠷᠪᠠᠭ᠎ᠠ ᠵᠡᠷᠭᠡ ᠬᠤᠯᠤᠭᠠᠨ᠎ᠠ ᠶᠢᠨ ᠬᠢᠵᠢᠭ ᠤᠨ ᠬᠤᠨᠣᠬᠤ ᠠᠮᠢᠲᠠᠨ ᠵᠢᠴᠢ | ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠬᠤᠳᠠᠯᠳᠤᠬᠤ ᠪᠠ ᠪᠣᠯᠪᠠᠰᠤᠷᠠᠭᠤᠯᠬᠤ | ᠨᠢᠭᠡᠴᠡ᠂ ᠬᠤᠪᠢ ᠬᠥᠮᠦᠨ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠴᠤᠭᠯᠠᠭ᠎ᠠ ᠮᠠᠶᠢᠮᠠᠶ ᠶᠢᠨ ᠵᠠᠬ᠎ᠠ | ᠳᠡᠯᠭᠡᠭᠦᠷ ᠤᠨ ᠡᠷᠬᠢᠯᠡᠭᠴᠢᠳ ᠪᠠ ᠬᠤᠯᠪᠣᠭᠳᠠᠯ ᠪᠦᠬᠦᠢ ᠠᠮᠢᠲᠠᠨ ᠵᠢᠴᠢ ᠦᠢᠯᠡᠳᠬᠦᠨ ᠡᠵᠡᠩᠨᠡᠭᠴᠢᠳ ᠢ | ᠵᠢᠯᠣᠭᠤᠳᠴᠤ ᠪᠠᠶᠢᠭᠠᠳ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠰᠠᠶᠢᠲᠤᠷ ᠬᠢᠨ᠎ᠡ᠃ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠲᠣᠰ ᠰᠢᠰᠲ᠋ᠧᠮ ᠤᠨ | ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯ᠎ᠠ ᠶᠢᠨ ᠣᠶ ᠰᠢᠭᠤᠶ | ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠡᠳᠦᠷ ᠲᠤᠲᠤᠮ ᠤᠨ ᠬᠢᠨᠠᠨ ᠬᠡᠮᠵᠢᠯᠲᠡ ᠪᠠ ᠰᠡᠷᠭᠡᠶᠢᠯᠡᠨ | ᠵᠠᠰᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠢ | ᠬᠠᠮᠵᠢᠨ ᠲᠣᠰ ᠰᠢᠰᠲ᠋ᠧᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠣᠶ ᠰᠢᠭᠤᠶ ᠡᠪᠡᠰᠦ ᠪᠡᠯᠴᠢᠭᠡᠷ ᠤᠨ ᠬᠦᠨᠳᠦ | ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠥᠷᠨᠢᠭᠦᠯᠦᠨ᠎ᠡ᠃ ᠾᠧ ᠳ᠋ᠦᠩ ᠪᠠᠯᠭᠠᠰᠤ᠂ ᠰᠢᠷᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄ ᠬᠠᠷᠢᠶᠠᠲᠤ | ᠣᠷᠣᠨ ᠤ ᠳᠣᠲᠣᠷᠠᠬᠢ ᠵᠢᠴᠢ ᠭᠠᠳᠠᠨ᠎ᠠ ᠠᠴᠠ ᠢᠷᠡᠭᠰᠡᠨ ᠮᠣᠳᠣ᠂ ᠪᠦᠲᠦᠭᠡᠭᠳᠡᠬᠦᠨ ᠢ ᠬᠢᠨᠠᠨ ᠬᠠᠮᠢᠶᠠᠷᠬᠤ᠂ | ᠮᠡᠳᠡᠭᠦᠯᠦᠨ ᠳᠠᠩᠰᠠᠯᠠᠭᠤᠯᠬᠤ ᠶᠢ ᠰᠠᠶᠢᠲᠤᠷ ᠬᠢᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠤ ᠳᠣᠲᠣᠷᠠᠬᠢ ᠬᠦᠨᠳᠦ ᠶᠡᠭᠡ ᠤᠷᠭᠤᠮᠠᠯ ᠤᠨ ᠬᠢᠵᠢᠭ ᠢ | ᠪᠠᠶᠢᠴᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ | ᠬᠡᠷᠡᠭ ᠤᠨ ᠳᠠᠷᠠᠭᠠᠬᠢ ᠬᠠᠮᠢᠶ᠎ᠠ ᠪᠦᠬᠦᠢ ᠠᠵᠢᠯ ᠢ ᠪᠡᠶᠡᠯᠡᠭᠦᠯᠬᠦ ᠶᠢ ᠬᠠᠷᠢᠭᠤᠴᠠᠨ᠎ᠠ᠃ ᠳᠤᠮᠳᠠᠳᠤ ᠤᠯᠤᠰ ᠤᠨ | ᠰᠢᠦᠳᠠᠨ ᠤ ᠶᠠᠪᠤᠳᠠᠯ ᠤᠨ ᠪᠦᠯᠦᠭᠯᠡᠯ ᠤᠨ ᠳ᠋ᠦᠩ ᠾᠧ ᠬᠤᠪᠢᠶᠠᠷᠢ ᠺᠣᠮᠫᠠᠨᠢ᠂ ᠬᠥᠬᠡᠬᠤᠲᠠ ᠲᠣᠪᠴᠢᠶ᠎ᠠ ᠶᠢᠨ | ᠪᠦᠯᠦᠭᠯᠡᠯ ᠺᠣᠮᠫᠠᠨᠢ ᠶᠢᠨ ᠪᠤᠭᠤᠲᠤ ᠶᠢᠨ ᠲᠡᠮᠦᠷ ᠵᠠᠮ ᠤᠨ ᠵᠡᠭᠦᠨ ᠥᠷᠲᠡᠭᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠳ᠋ᠦᠩ ᠾᠧ ᠬᠤᠪᠢᠶᠠᠷᠢ ᠺᠣᠮᠫᠠᠨᠢ᠄ ᠤᠯᠤᠰ ᠤᠨ ᠳᠣᠲᠣᠭᠠᠳᠤ ᠶᠢᠨ ᠨᠠᠶᠢᠳᠠᠨ | ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠵᠦ ᠬᠢᠵᠢᠭ ᠪᠠᠶᠢᠴᠠᠭᠠᠬᠤ ᠲᠤᠬᠠᠶ ᠬᠤᠯᠪᠣᠭᠳᠠᠯ ᠪᠥᠬᠦᠶ ᠲᠣᠭᠲᠠᠭᠠᠯ ᠢ | ᠬᠠᠷᠢᠭᠤᠴᠠᠨ ᠬᠡᠷᠡᠭᠵᠢᠭᠦᠯᠵᠦ᠂ ︽ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠦᠨᠡᠮᠯᠡᠯ︾ ᠢ ᠴᠢᠩᠭ᠎ᠠ ᠰᠢᠯᠭᠠᠨ | ᠪᠠᠶᠢᠴᠠᠭᠠᠵᠤ᠂ ᠣᠶ ᠰᠢᠭᠤᠶ ᠶᠢᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠠᠮᠵᠢᠨ ᠳᠠᠬᠢᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠲᠣᠰ ᠪᠡᠯᠡᠳᠬᠡᠯ ᠲᠥᠰᠦᠯ ᠢ ᠡᠬᠢᠯᠡᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠵᠤ | ᠭᠠᠮᠰᠢᠭ ᠠᠴᠠ ᠠᠪᠤᠷᠠᠬᠤ ᠡᠳ᠋ ᠪᠣᠳᠠᠰ ᠢ ᠴᠠᠭ ᠲᠤᠬᠠᠶ ᠳᠤᠨᠢ ᠲᠡᠭᠡᠭᠡᠪᠦᠷᠢᠯᠡᠬᠦ ᠶᠢ ᠦᠨᠡᠨᠬᠦ ᠪᠠᠲᠤᠯᠠᠨ᠎ᠠ᠃ ᠳᠤᠮᠳᠠᠳᠤ | ᠤᠯᠤᠰ ᠤᠨ ᠴᠠᠬᠢᠯᠭᠠᠨ ᠬᠤᠯᠪᠣᠭᠠᠨ ᠤ ᠳ᠋ᠦᠩ ᠾᠧ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭᠠᠨ ᠤ ᠳ᠋ᠦᠩ ᠾᠧ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠳ᠋ᠦᠩ | ᠾᠧ ᠬᠤᠪᠢᠶᠠᠷᠢ ᠺᠣᠮᠫᠠᠨᠢ᠄ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠴᠢᠮᠡᠭᠡ ᠬᠤᠯᠪᠣᠭᠠᠨ ᠤ ᠰᠦᠯᠵᠢᠶᠡᠨ ᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ ᠶᠢᠨ ᠬᠤᠯᠪᠣᠭᠠᠨ ᠤ | ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | 2.2.4 ᠲᠣᠰᠬᠠᠢ ᠮᠡᠷᠭᠡᠵᠢᠯᠳᠡᠨ ᠤ ᠲᠤᠭᠤᠶᠢᠯᠡᠩ ᠤᠨ ᠡᠬᠦᠷᠭᠡ ᠬᠠᠷᠢᠭᠤᠴᠠᠯᠭ᠎ᠠ ᠣᠶ ᠰᠢᠭᠤᠶ ᠡᠪᠡᠰᠦ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠲᠤ ᠪᠠᠶᠢᠴᠠᠭᠠᠯᠲᠠ ᠬᠢᠬᠦ᠂ ᠦᠨᠡᠯᠡᠨ ᠵᠢᠱᠢᠬᠦ ᠪᠠ | ᠵᠠᠳᠠᠯᠤᠯᠲᠠ ᠬᠢᠬᠦ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠤᠨ ᠳᠤᠮᠳᠠᠬᠢ | ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠶᠢᠨ | ᠬᠠᠮᠲᠤ ᠵᠥᠪᠯᠡᠯᠭᠡ ᠬᠠᠩᠭᠠᠨ᠎ᠠ︔ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠠ ᠲᠤᠬᠠᠶ ᠶᠢᠨ ᠲᠠᠯᠠᠪᠠᠶ ᠶᠢᠨ | ᠵᠢᠯᠣᠭᠤᠳᠬᠤ ᠠᠵᠢᠯ ᠳᠤ ᠣᠷᠣᠯᠴᠠᠨ᠎ᠠ︔ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠦᠨ᠎ᠡ︔ | ᠣᠷᠣᠨ ᠤ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠭᠠᠮᠰᠢᠭ ᠤᠨ ᠳᠡᠰ ᠬᠤᠪᠢᠶᠠᠬᠤ 3.1 ᠬᠦᠨᠳᠦ ᠶᠡᠭᠡ ᠣᠢ ᠰᠢᠭᠤᠢ ᠶᠢᠨ ᠬᠤᠣᠷᠲᠠᠢ ᠠᠮᠢᠳᠣ ᠪᠤᠳᠠᠰ ᠤᠨ | ᠭᠠᠮᠰᠢᠭ ᠤᠨ ᠳᠡᠰ ᠬᠤᠪᠢᠶᠠᠬᠤ ᠣᠶ ᠰᠢᠭᠤᠶ ᠶᠢᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠶ ᠭᠠᠮᠰᠢᠭ ᠢ | ᠭᠤᠷᠪᠠᠨ ᠳᠡᠰ ᠬᠤᠪᠢᠶᠠᠨ᠎ᠠ᠃ | 3.1.1 ᠣᠨᠴᠠ ᠬᠦᠨᠳᠦ ᠶᠡᠭᠡ ︵Ⅰ ᠳᠡᠰ︶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ︵1︶ ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠰᠦᠷᠳᠡᠭᠦᠯᠦᠯ ᠤᠴᠠᠷᠠᠭᠤᠯᠵᠤ᠂ ᠤᠢ ᠮᠣᠳᠣᠨ ᠤ | ᠡᠪᠡᠳᠴᠢᠨ ᠬᠤᠷᠣᠬᠠᠶ ᠶᠢᠨ ᠰᠣᠯᠪᠢᠴᠠᠨ ᠬᠠᠯᠳᠠᠪᠤᠷᠢᠯᠠᠬᠤ ᠬᠥᠮᠦᠨ ᠮᠠᠯ︔ ︵2︶ ᠤᠯᠤᠰ ᠤᠨ ᠭᠠᠳᠠᠭᠠᠳᠤ ᠠᠴᠠ | ᠮᠠᠨ ᠤ ᠣᠷᠣᠨ ᠳᠤ ᠰᠢᠨ᠎ᠡ ᠪᠠᠷ ᠣᠷᠣᠵᠤ ᠢᠷᠡᠭᠰᠡᠨ ᠮᠥᠷᠲᠡᠭᠡᠨ ᠤᠯᠤᠰ ᠤᠨ ᠳᠣᠲᠣᠭᠠᠳᠤ ᠳᠤ ᠲᠠᠷᠬᠠᠯ ᠦᠭᠡᠶ ᠣᠶ | ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ ᠣᠶ ᠮᠣᠳᠣ ᠶᠢ ᠰᠢᠭᠤᠳ ᠦᠬᠦᠭᠦᠯᠦᠭᠰᠡᠨ ᠪᠠᠶᠢᠪᠠᠯ︔ ︵3︶ | ᠰᠠᠨᠠᠮᠰᠠᠷ ᠥᠬᠡᠶ ᠡᠭᠦᠰᠬᠦ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠳ᠋ᠦᠩ ᠾᠧ ᠲᠣᠭᠤᠷᠢᠭ ᠤᠨ | ᠬᠡᠪᠴᠢᠶᠡᠨ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠶᠡᠷᠦᠩᠬᠡᠶ ᠲᠠᠯᠠᠪᠠᠶ ᠨᠢ 6 ᠲᠦᠮᠡᠨ ᠮᠥ ᠠᠴᠠ | ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ | ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃ 3.1.2 ᠬᠦᠨᠳᠦ ᠶᠡᠭᠡ ︵Ⅱ ᠳᠡᠰ︶ | ᠣᠶ ᠰᠢᠭᠤᠶ ᠶᠢᠨ ᠦᠢᠯᠡᠰ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ︵1︶ ᠤᠯᠤᠰ ᠤᠨ ᠱᠠᠲᠤᠨ ᠤ ᠣᠶ | ᠰᠢᠭᠤᠶ ᠶᠢᠨ ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯᠲᠡᠶ ᠠᠮᠢᠳᠤ ᠪᠣᠳᠠᠰ ᠮᠠᠨ ᠤ ᠣᠷᠣᠨ ᠳᠤ ᠰᠢᠨ᠎ᠡ ᠪᠠᠷ ᠪᠤᠶ | ᠪᠣᠯᠤᠭᠰᠠᠨ ︵2︶ ᠰᠠᠨᠠᠮᠰᠠᠷ ᠥᠬᠡᠶ ᠡᠭᠦᠰᠬᠦ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠳ᠋ᠦᠩ | ᠾᠧ ᠲᠣᠭᠤᠷᠢᠭ ᠤᠨ ᠬᠡᠪᠴᠢᠶᠡᠨ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠶᠡᠷᠦᠩᠬᠡᠶ ᠲᠠᠯᠠᠪᠠᠶ ᠨᠢ 5 | ᠲᠦᠮᠡᠨ ᠮᠥ ᠠᠴᠠ ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ | ᠡᠭᠦᠰᠦᠭᠰᠡᠨ ᠲᠠᠯᠠᠪᠠᠶ ᠨᠢ ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃ ︵3︶ | ᠪᠠᠶᠢᠩᠭᠤ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠳ᠋ᠦᠩ ᠾᠧ ᠲᠣᠭᠤᠷᠢᠭ ᠤᠨ | ᠬᠡᠪᠴᠢᠶᠡᠨ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠶᠡᠷᠦᠩᠬᠡᠶ ᠲᠠᠯᠠᠪᠠᠶ ᠨᠢ 4 ᠲᠦᠮᠡᠨ ᠮᠥ ᠠᠴᠠ | ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ | ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃ | 3.1.3 ᠨᠡᠯᠢᠶᠡᠳ ᠶᠡᠭᠡ ︵Ⅲ ᠳᠡᠰ︶ ᠣᠶ ᠰᠢᠭᠤᠶ ᠶᠢᠨ ᠬᠥᠨᠥᠭᠡᠯᠲᠦ ᠠᠮᠢᠳᠤ ᠪᠣᠳᠠᠰ ᠤᠨ ᠭᠠᠮᠰᠢᠭ ︵ | 1︶ ᠮᠠᠨ ᠤ ᠣᠷᠣᠨ ᠳᠤ ᠨᠢᠭᠡᠨᠲᠡ ᠲᠠᠷᠬᠠᠵᠤ ᠪᠠᠶᠢᠭ᠎ᠠ ᠤᠯᠤᠰ ᠤᠨ ᠲᠠᠰ ᠤᠨ ᠣᠶ ᠰᠢᠭᠤᠶ ᠶᠢᠨ ᠬᠢᠵᠢᠭ | ᠪᠠᠶᠢᠴᠠᠭᠠᠬᠤ ᠴᠢᠨᠠᠷᠲᠠᠶ ᠬᠥᠨᠥᠭᠡᠯᠲᠡᠶ ᠠᠮᠢᠳᠤ ᠪᠣᠳᠠᠰ ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠳᠤ ᠰᠢᠨ᠎ᠡ ᠬᠢᠵᠢᠭ | ᠭᠠᠷᠤᠭᠰᠠᠨ ︵2︶ ᠰᠠᠨᠠᠮᠰᠠᠷ ᠥᠬᠡᠶ ᠡᠭᠦᠰᠬᠦ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠳ᠋ᠦᠩ | ᠾᠧ ᠲᠣᠭᠤᠷᠢᠭ ᠤᠨ ᠬᠡᠪᠴᠢᠶᠡᠨ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠶᠡᠷᠦᠩᠬᠡᠶ ᠲᠠᠯᠠᠪᠠᠶ ᠨᠢ 3 | ᠲᠦᠮᠡᠨ ᠮᠥ ᠠᠴᠠ ᠳᠡᠭᠡᠭᠰᠢ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ | ᠡᠭᠦᠰᠦᠭᠰᠡᠨ ᠲᠠᠯᠠᠪᠠᠶ ᠨᠢ ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃ ︵3︶ | ᠪᠠᠶᠢᠩᠭᠤ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠳ᠋ᠦᠩ ᠾᠧ ᠲᠣᠭᠤᠷᠢᠭ ᠤᠨ | ᠬᠡᠪᠴᠢᠶᠡᠨ ᠳᠤ ᠵᠠᠯᠭᠠᠯᠳᠤᠨ ᠡᠭᠦᠰᠴᠦ᠂ ᠭᠠᠮᠰᠢᠭ ᠪᠣᠯᠤᠭᠰᠠᠨ ᠶᠡᠷᠦᠩᠬᠡᠶ ᠲᠠᠯᠠᠪᠠᠶ ᠨᠢ 2.5 ᠲᠦᠮᠡᠨ ᠮᠥ ᠠᠴᠠ | ᠳᠡᠭᠡᠭᠰᠢ᠂ ᠬᠤᠤᠷ ᠬᠥᠨᠥᠭᠡᠯ ᠤᠨ ᠬᠡᠮᠵᠢᠶ᠎ᠡ ᠶᠢᠨ ᠳᠤᠮᠳᠠ ᠵᠡᠷᠭᠡ ᠠᠴᠠ ᠳᠡᠭᠡᠭᠰᠢᠬᠢ ᠡᠭᠦᠰᠦᠭᠰᠡᠨ ᠲᠠᠯᠠᠪᠠᠶ ᠨᠢ | ᠶᠡᠷᠦᠩᠬᠡᠶ ᠡᠭᠦᠰᠦᠭᠰᠡᠨ ᠲᠠᠯᠠᠪᠠᠶ ᠶᠢᠨ 60% ᠶᠢ ᠡᠵᠡᠯᠡᠭᠰᠡᠨ ᠪᠠᠶᠢᠨ᠎ᠠ᠃ 3.2 ᠬᠦᠨᠳᠦ ᠶᠡᠭᠡ ᠨᠤᠲᠤᠭ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠳᠡᠰ ᠬᠤᠪᠢᠶᠠᠬᠤ ᠨᠤᠲᠤᠭ ᠪᠡᠯᠴᠢᠭᠡᠷ ᠤᠨ ᠬᠦᠨᠳᠦ | ᠬᠡᠴᠡᠭᠦᠦ ᠬᠥᠨᠥᠭᠡᠯᠲᠦ ᠠᠮᠢᠳᠤ ᠪᠣᠳᠠᠰ ᠤᠨ ᠭᠠᠮᠰᠢᠭ ᠢ ᠭᠤᠷᠪᠠᠨ ᠳᠡᠰ ᠬᠤᠪᠢᠶᠠᠪᠠ᠃ | 3.2.1 ᠣᠨᠴᠠ ᠬᠦᠨᠳᠦ ᠶᠡᠭᠡ ︵Ⅰ ᠳᠡᠰ︶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ︵1︶ ᠪᠥᠬᠦ ᠣᠷᠣᠨ ᠤ 4.5 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ | ᠬᠤᠷᠣᠬᠠᠶ ᠶᠢᠨ ᠭᠠᠮᠰᠢᠭ ᠭᠠᠷᠤᠭᠰᠠᠨ ᠤ ᠬᠠᠮᠲᠤ ᠨᠢᠭᠲᠠᠴᠠ ᠶᠢ ᠰᠡᠷᠭᠡᠶᠢᠯᠡᠨ ᠵᠠᠰᠠᠬᠤ ᠪᠠᠷᠢᠮᠵᠢᠶ᠎ᠠ ᠳᠤ ᠬᠦᠷᠦᠭᠦᠯᠵᠦ᠂ | ᠡᠰᠡᠬᠦᠯ᠎ᠡ 3 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ ᠬᠤᠷᠣᠬᠠᠶ ᠶᠢᠨ ᠭᠠᠮᠰᠢᠭ | ᠭᠠᠷᠤᠭᠰᠠᠨ ᠤ ᠬᠠᠮᠲᠤ ᠨᠢᠭᠲᠠᠴᠠ ᠶᠢ 2 ᠳᠠᠬᠢᠨ ᠠᠴᠠ ᠳᠡᠭᠡᠭᠰᠢ ᠳᠤ ᠬᠦᠷᠦᠭᠦᠯᠦᠨ᠎ᠡ︔ ︵2︶ ᠪᠦᠬᠦ ᠣᠷᠣᠨ ᠤ | 1.5 ᠲᠦᠮᠡᠨ ᠮᠦ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ ᠡᠪᠡᠳᠴᠢᠨ ᠤ ᠬᠥᠨᠥᠭᠡᠯ ᠪᠤᠶᠤ ᠬᠤᠣᠷᠲᠤ | ᠡᠪᠡᠰᠦᠨ ᠤ ᠬᠤᠣᠷ ᠬᠥᠨᠥᠭᠡᠯ ᠡᠭᠦᠰᠦᠭᠰᠡᠨ ᠮᠥᠷᠲᠡᠭᠡᠨ ᠡᠪᠡᠳᠴᠢᠨ ᠤ ᠬᠥᠨᠥᠭᠡᠯ ᠳᠤ ᠨᠡᠷᠪᠡᠭᠳᠡᠭᠰᠡᠨ ᠡᠪᠡᠳᠴᠢᠨ ᠤ | ᠰᠠᠭᠤᠷᠢ ᠶᠢᠨ ᠨᠣᠷᠮ᠎ᠠ ᠶᠢ 10% ᠠᠴᠠ ᠳᠡᠭᠡᠭᠰᠢ ᠪᠠᠶᠢᠯᠭᠠᠵᠤ᠂ ᠬᠤᠣᠷᠲᠤ ᠡᠪᠡᠰᠦᠨ ᠤ ᠪᠦᠷᠬᠦᠴᠡ ᠶᠢᠨ | ᠬᠡᠮᠵᠢᠶ᠎ᠡ ᠶᠢ 50% ᠠᠴᠠ ᠳᠡᠭᠡᠭᠰᠢ ᠪᠠᠶᠢᠯᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠲᠡᠭᠦᠨ ᠤ | ᠣᠷᠴᠢᠨ ᠲᠣᠭᠤᠷᠢᠨ ᠳᠤ ᠯᠤᠲᠤ ᠶᠡᠭᠡ ᠬᠤᠬᠢᠷᠠᠯ ᠪᠠ ᠬᠦᠨᠳᠦ ᠨᠣᠴᠢᠲᠠᠢ ᠨᠥᠯᠥᠭᠡ ᠦᠵᠡᠭᠦᠯᠵᠦ᠂ ᠬᠥᠨᠥᠭᠡᠬᠦ | ᠬᠡᠪᠴᠢᠶ᠎ᠡ ᠶᠢ ᠳ᠋ᠦᠩ ᠾᠧ ᠲᠣᠭᠤᠷᠢᠭ ᠤᠨ ᠬᠢᠯᠢ ᠳᠤ ᠪᠣᠶ︔ ︵3︶ ᠤᠯᠤᠰ᠂ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ︔ | ᠣᠨᠴᠠᠭᠠᠶ ᠪᠠᠶᠢᠳᠠᠯ ᠤᠨ ᠳᠣᠤᠷ᠎ᠠ ᠨᠢᠭᠡ ᠱᠠᠲᠤᠨ ᠤ ᠭᠠᠮᠰᠢᠭ ᠤᠨ ᠭᠠᠮᠰᠢᠭ ᠤᠨ ᠪᠠᠶᠢᠳᠠᠯ ᠭᠡᠵᠦ ᠬᠤᠪᠢᠶᠠᠷᠢᠯᠠᠬᠤ | ᠴᠢᠬᠤᠯᠠᠲᠠᠶ ᠪᠠᠶᠢᠨ᠎ᠠ᠃ | 3.2.2 ᠬᠦᠨᠳᠦ ᠶᠡᠭᠡ ︵Ⅱ ᠳᠡᠰ︶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ | ︵1︶ ᠪᠥᠬᠦ ᠣᠷᠣᠨ ᠤ 3 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ | ᠬᠤᠷᠣᠬᠠᠶ ᠶᠢᠨ ᠭᠠᠮᠰᠢᠭ ᠭᠠᠷᠤᠭᠰᠠᠨ ᠤ ᠬᠠᠮᠲᠤ ᠨᠢᠭᠲᠠᠴᠠ ᠶᠢ ᠰᠡᠷᠭᠡᠶᠢᠯᠡᠨ ᠵᠠᠰᠠᠬᠤ ᠪᠠᠷᠢᠮᠵᠢᠶ᠎ᠠ ᠳᠤ ᠬᠦᠷᠦᠭᠦᠯᠵᠦ᠂ | ᠡᠰᠡᠬᠦᠯ᠎ᠡ 1.5 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ ᠬᠤᠷᠣᠬᠠᠶ ᠶᠢᠨ | ᠭᠠᠮᠰᠢᠭ ᠭᠠᠷᠤᠭᠰᠠᠨ ᠤ ᠬᠠᠮᠲᠤ ᠨᠢᠭᠲᠠᠴᠠ ᠶᠢ 2 ᠳᠠᠬᠢᠨ ᠠᠴᠠ ᠳᠡᠭᠡᠭᠰᠢ ᠪᠠᠶᠢᠯᠭᠠᠨ᠎ᠠ︔ ︵2︶ ᠪᠥᠬᠦ | ᠣᠷᠣᠨ ᠳᠤ 1 ᠲᠦᠮᠡᠨ ᠮᠥ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ ᠡᠪᠡᠳᠴᠢᠨ ᠤ ᠬᠥᠨᠥᠭᠡᠯ ᠪᠤᠶᠤ | ᠬᠤᠤᠷᠲᠤ ᠡᠪᠡᠰᠦᠨ ᠤ ᠬᠤᠤᠷ ᠬᠥᠨᠥᠭᠡᠯ ᠡᠭᠦᠰᠴᠦ᠂ ᠲᠡᠷᠡ ᠮᠥᠷᠲᠡᠭᠡᠨ ᠡᠪᠡᠳᠴᠢᠨ ᠤ ᠬᠥᠨᠥᠭᠡᠯ ᠳᠤ ᠨᠡᠷᠪᠡᠭᠳᠡᠭᠰᠡᠨ | ᠡᠪᠡᠳᠴᠢᠨ ᠤ ᠰᠠᠭᠤᠷᠢ ᠶᠢᠨ ᠨᠣᠷᠮ᠎ᠠ ᠶᠢ 6% ᠠᠴᠠ ᠳᠡᠭᠡᠭᠰᠢ ᠪᠠᠶᠢᠯᠭᠠᠵᠤ᠂ 10% ᠠᠴᠠ ᠳᠣᠷᠣᠭᠰᠢ ᠪᠠᠶᠢᠵᠤ᠂ | ᠬᠤᠤᠷᠲᠤ ᠡᠪᠡᠰᠦᠨ ᠤ ᠪᠦᠷᠬᠦᠴᠡ ᠶᠢᠨ ᠬᠡᠮᠵᠢᠶ᠎ᠡ ᠶᠢ 25% ᠠᠴᠠ ᠳᠡᠭᠡᠭᠰᠢ ᠪᠠᠶᠢᠯᠭᠠᠵᠤ᠂ 50% ᠠᠴᠠ | ᠳᠣᠷᠣᠭᠰᠢ ᠪᠠᠶᠢᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠣᠷᠴᠢᠨ ᠲᠣᠭᠤᠷᠢᠨ ᠳᠤ ᠨᠡᠯᠢᠶᠡᠳ ᠶᠡᠭᠡ | ᠬᠤᠬᠢᠷᠠᠯ ᠤᠴᠠᠷᠠᠭᠤᠯᠬᠤ ᠪᠤᠶᠤ ᠢᠯᠡᠳᠲᠡ ᠨᠥᠯᠥᠭᠡ ᠦᠵᠡᠭᠦᠯᠵᠦ᠂ ᠬᠥᠨᠥᠭᠡᠬᠦ ᠬᠡᠪᠴᠢᠶ᠎ᠡ ᠶᠢ ᠳ᠋ᠦᠩ ᠾᠧ | ᠲᠣᠭᠤᠷᠢᠭ ᠤᠨ ᠬᠢᠯᠢ ᠳᠤ ᠪᠣᠶ︔ | ︵3︶ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ︔ ᠣᠨᠴᠠᠭᠠᠶ ᠪᠠᠶᠢᠳᠠᠯ ᠤᠨ ᠳᠣᠤᠷ᠎ᠠ ᠬᠤᠶᠠᠳᠤᠭᠠᠷ | ᠳᠡᠰ ᠤᠨ ᠭᠠᠮᠰᠢᠭ ᠤᠨ ᠭᠠᠮᠰᠢᠭ ᠤᠨ ᠪᠠᠶᠢᠳᠠᠯ ᠭᠡᠵᠦ ᠬᠤᠪᠢᠶᠠᠬᠤ ᠴᠢᠬᠤᠯᠠᠲᠠᠶ᠃ | 3.2.3 ᠨᠡᠯᠢᠶᠡᠳ ᠶᠡᠭᠡ ︵Ⅲ ᠳᠡᠰ︶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ | ︵1︶ ᠪᠥᠬᠦ ᠣᠷᠣᠨ ᠤ 1.5 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ | ᠬᠤᠷᠣᠬᠠᠶ ᠶᠢᠨ ᠭᠠᠮᠰᠢᠭ ᠭᠠᠷᠤᠭᠰᠠᠨ ᠤ ᠬᠠᠮᠲᠤ ᠨᠢᠭᠲᠠᠴᠠ ᠶᠢ ᠰᠡᠷᠭᠡᠶᠢᠯᠡᠨ ᠵᠠᠰᠠᠬᠤ ᠪᠠᠷᠢᠮᠵᠢᠶ᠎ᠠ ᠳᠤ ᠬᠦᠷᠦᠭᠦᠯᠵᠦ᠂ | ᠡᠰᠡᠬᠦᠯ᠎ᠡ 1.1 ᠲᠦᠮᠡᠨ ᠮᠥ ᠠᠴᠠ ᠳᠡᠭᠡᠭᠰᠢᠬᠢ ᠨᠤᠲᠤᠭ ᠪᠡᠯᠴᠢᠭᠡᠷ ᠲᠤ ᠬᠤᠯᠤᠭᠠᠨ᠎ᠠ ᠪᠤᠶᠤ ᠬᠤᠷᠣᠬᠠᠶ ᠶᠢᠨ | ᠭᠠᠮᠰᠢᠭ ᠭᠠᠷᠤᠭᠰᠠᠨ ᠤ ᠬᠠᠮᠲᠤ ᠨᠢᠭᠲᠠᠴᠠ ᠶᠢ 2 ᠳᠠᠬᠢᠨ ᠠᠴᠠ ᠳᠡᠭᠡᠭᠰᠢ ᠳᠤ ᠬᠦᠷᠦᠭᠦᠯᠦᠨ᠎ᠡ︔ | ︵2︶ ᠪᠦᠬᠦ ᠣᠷᠣᠨ ᠳᠤ 0.5 ᠲᠦᠮᠡᠨ ᠮᠦ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ | ᠡᠪᠡᠳᠴᠢᠨ ᠤ ᠬᠥᠨᠥᠭᠡᠯ ᠪᠤᠶᠤ ᠬᠤᠣᠷᠲᠤ ᠡᠪᠡᠰᠦᠨ ᠤ ᠬᠤᠣᠷ ᠬᠥᠨᠥᠭᠡᠯ ᠡᠭᠦᠰᠴᠦ᠂ ᠲᠡᠷᠡ ᠮᠥᠷᠲᠡᠭᠡᠨ ᠭᠡᠮ ᠲᠠᠢ | ᠮᠣᠳᠣᠨ ᠤ ᠨᠣᠷᠮ᠎ᠠ ᠨᠢ 3% ᠠᠴᠠ ᠳᠡᠭᠡᠭᠰᠢ ᠪᠠᠶᠢᠵᠤ᠂ 6% ᠠᠴᠠ ᠳᠣᠷᠣᠭᠰᠢ ᠪᠠᠶᠢᠵᠤ᠂ ᠬᠤᠣᠷᠲᠤ ᠡᠪᠡᠰᠦᠨ ᠤ | ᠪᠦᠷᠬᠦᠴᠡ ᠶᠢᠨ ᠬᠡᠮᠵᠢᠶ᠎ᠡ ᠨᠢ 15% ᠠᠴᠠ ᠳᠡᠭᠡᠭᠰᠢ ᠪᠠᠶᠢᠵᠤ᠂ 25% ᠠᠴᠠ ᠳᠣᠷᠣᠭᠰᠢ ᠪᠠᠶᠢᠵᠤ᠂ ᠨᠤᠲᠤᠭ | ᠪᠡᠯᠴᠢᠭᠡᠷ ᠤᠨ ᠡᠬᠢ ᠪᠠᠶᠠᠯᠢᠭ ᠵᠢᠴᠢ ᠲᠡᠭᠦᠨ ᠤ ᠣᠷᠴᠢᠨ ᠲᠣᠭᠤᠷᠢᠨ ᠳᠤ ᠶᠡᠭᠡ ᠬᠡᠪᠴᠢᠶᠡᠨ ᠤ ᠬᠤᠣᠷ ᠬᠥᠨᠥᠭᠡᠯ | ᠤᠴᠠᠷᠠᠭᠤᠯᠤᠭᠰᠠᠨ ᠦᠭᠡᠢ᠂ ᠳ᠋ᠦᠩ ᠾᠧ ᠲᠣᠭᠤᠷᠢᠭ ᠤᠨ ᠬᠢᠯᠢ ᠳᠣᠲᠣᠷ᠎ᠠ ᠲᠠᠷᠬᠠᠵᠤ ᠪᠠᠶᠢᠬᠤ ᠶᠢᠨ ᠬᠠᠮᠲᠤ ᠬᠡᠰᠡᠭ | ᠲᠠᠯ᠎ᠠ ᠶᠢᠨ ᠬᠤᠣᠷ ᠬᠥᠨᠥᠭᠡᠯ ᠤᠴᠠᠷᠠᠭᠤᠯᠤᠭᠰᠠᠨ ᠪᠠᠶᠢᠨ᠎ᠠ︔ | ︵3︶ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ︔ ᠣᠨᠴᠠᠭᠠᠶ ᠪᠠᠶᠢᠳᠠᠯ ᠤᠨ ᠳᠣᠤᠷ᠎ᠠ ᠭᠤᠷᠪᠠᠨ | ᠱᠠᠲᠤᠨ ᠤ ᠭᠠᠮᠰᠢᠭ ᠤᠨ ᠭᠠᠮᠰᠢᠭ ᠤᠨ ᠪᠠᠶᠢᠳᠠᠯ ᠭᠡᠵᠦ ᠬᠤᠪᠢᠶᠠᠷᠢᠯᠠᠬᠤ ᠴᠢᠬᠤᠯᠠᠲᠠᠶ ᠪᠠᠶᠢᠨ᠎ᠠ᠃ | 3.3 ᠭᠠᠳᠠᠨ᠎ᠠ ᠠᠴᠠ ᠬᠠᠯᠳᠠᠨ ᠣᠷᠣᠵᠤ ᠢᠷᠡᠭᠰᠡᠨ ᠳᠦᠷᠰᠦ ᠶᠢᠨ ᠳᠡᠰ ᠬᠤᠪᠢᠶᠠᠬᠤ | 3.3.1 ᠮᠠᠭᠤ ᠴᠢᠨᠠᠷ ᠤᠨ ᠬᠠᠯᠳᠠᠯᠭ᠎ᠠ ︵Ⅰ ᠳᠡᠰ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ | ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠢᠴᠢ ᠲᠡᠭᠦᠨ ᠤ ᠣᠷᠴᠢᠨ ᠲᠣᠭᠤᠷᠢᠨ ᠳᠤ ᠯᠤᠲᠤ ᠶᠡᠭᠡ | ᠬᠤᠬᠢᠷᠠᠯ ᠪᠠ ᠬᠦᠨᠳᠦ ᠨᠣᠴᠢᠲᠠᠶ ᠨᠥᠯᠥᠭᠡ ᠦᠵᠡᠭᠦᠯᠵᠦ᠂ ᠬᠠᠯᠳᠠᠪᠤᠷᠢᠯᠠᠬᠤ ᠬᠡᠪᠴᠢᠶ᠎ᠡ ᠨᠢ 1 ᠪᠠᠯᠭᠠᠰᠤ ᠪᠤᠶᠤ ᠣᠶ | ᠰᠢᠭᠤᠶ ᠶᠢᠨ ᠲᠠᠯᠠᠪᠠᠶ ᠳᠤ ᠪᠠᠶᠢᠨ᠎ᠠ᠃ | 3.3.2 ᠬᠦᠨᠳᠦ ᠨᠣᠴᠢᠲᠠᠶ ᠲᠦᠷᠢᠮᠡᠬᠡᠶᠢᠯᠡᠯ ︵Ⅱ ᠲᠠᠰ︶ ᠤᠢ ᠰᠢᠭᠤᠶ᠂ ᠨᠤᠲᠤᠭ ᠪᠡᠯᠴᠢᠭᠡᠷ᠂ ᠨᠤᠭᠤ | ᠭᠠᠵᠠᠷ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠢᠴᠢ ᠲᠡᠭᠦᠨ ᠤ ᠣᠷᠴᠢᠨ ᠲᠣᠭᠤᠷᠢᠨ ᠳᠤ | ᠨᠡᠯᠢᠶᠡᠳ ᠶᠡᠭᠡ ᠬᠤᠬᠢᠷᠠᠯ ᠤᠴᠠᠷᠠᠭᠤᠯᠬᠤ ᠪᠤᠶᠤ ᠢᠯᠡᠳᠲᠡ ᠨᠥᠯᠥᠭᠡᠯᠡᠵᠦ᠂ ᠣᠷᠣᠵᠤ ᠢᠷᠡᠬᠦ ᠬᠡᠪᠴᠢᠶ᠎ᠡ ᠨᠢ 1 | ᠪᠠᠯᠭᠠᠰᠤ ᠪᠤᠶᠤ ᠤᠢ ᠰᠢᠭᠤᠶ ᠶᠢᠨ ᠲᠠᠯᠠᠪᠠᠢ ᠳᠤ ᠪᠤᠢ᠃ 3.3.3 ᠬᠡᠰᠡᠭ ᠭᠠᠵᠠᠷ ᠤᠨ ᠲᠦᠷᠢᠮᠡᠬᠡᠶᠢᠯᠡᠯ ︵Ⅲ ᠳᠡᠰ︶ | ᠶᠡᠭᠡ ᠬᠡᠪᠴᠢᠶᠡᠨ ᠤ ᠬᠤᠣᠷ ᠬᠥᠨᠥᠭᠡᠯ ᠤᠴᠠᠷᠠᠭᠤᠯᠤᠭᠰᠠᠨ ᠦᠭᠡᠢ᠂ 1 ᠪᠠᠯᠭᠠᠰᠤ ᠪᠤᠶᠤ ᠣᠢ ᠰᠢᠭᠤᠢ ᠶᠢᠨ | ᠲᠠᠯᠠᠪᠠᠢ ᠳᠤ ᠲᠠᠷᠬᠠᠵᠤ ᠬᠡᠰᠡᠭ ᠲᠠᠯ᠎ᠠ ᠶᠢᠨ ᠬᠤᠣᠷ ᠬᠥᠨᠥᠭᠡᠯ ᠤᠴᠠᠷᠠᠭᠤᠯᠤᠭᠰᠠᠨ ᠪᠠᠶᠢᠨ᠎ᠠ᠃ | 4. ᠰᠡᠷᠭᠡᠶᠢᠯᠡᠬᠦ ᠪᠠ ᠰᠡᠷᠡᠮᠵᠢᠯᠡᠭᠦᠯᠬᠦ ᠲᠣᠭᠲᠠᠴᠠ | 4.1 ᠣᠢ ᠰᠢᠭᠤᠢ ᠶᠢᠨ ᠬᠤᠣᠷ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ | 4.1.1 ᠰᠡᠷᠭᠡᠶᠢᠯᠡᠬᠦ ᠬᠠᠮᠢᠶᠡᠷᠦᠯᠳᠡ ᠬᠠᠷᠢᠶ᠎ᠠ ᠣᠷᠣᠨ ᠤ ᠣᠶ ᠰᠢᠭᠤᠶ ᠶᠢᠨ ᠡᠬᠢ ᠪᠠᠶᠠᠯᠢᠭ ᠤᠨ | ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠪᠠᠶᠢᠭᠠᠯᠢ ᠶᠢᠨ ᠣᠶ | ᠰᠢᠭᠤᠶ ᠵᠢᠴᠢ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ | ᠰᠢᠭᠤᠶᠢᠲᠤ ᠣᠷᠣᠨ ᠢ ᠤᠯᠤᠰ ᠠᠴᠠ ᠡᠬᠢᠯᠡᠭᠦᠯᠦᠨ ᠬᠡᠷᠡᠭᠵᠢᠭᠦᠯᠦᠭᠰᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ | ᠬᠠᠮᠠᠭᠠᠯᠠᠯᠲᠠ ᠶᠢᠨ ᠲᠥᠷᠥᠯ ᠵᠦᠢᠯ ᠤᠨ ᠣᠷᠣᠨ᠂ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ | ᠂ ᠣᠷᠣᠨ ᠪᠠᠶᠢᠷᠢ ᠨᠢ ᠴᠢᠬᠤᠯᠠ ᠬᠠᠯᠬᠠᠪᠴᠢ ᠣᠶ᠂ ᠴᠢᠬᠤᠯᠠ ᠦᠵᠡᠮᠵᠢ ᠶᠢᠨ ᠨᠠᠷᠠᠲᠤ ᠣᠷᠣᠨ᠂ ᠤᠯᠤᠰ ᠤᠨ ᠲᠠᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠣᠶ ᠰᠢᠭᠤᠶ ᠶᠢᠨ | ᠴᠡᠴᠡᠷᠯᠢᠭ ᠵᠢᠴᠢ ᠬᠢᠯᠢ ᠬᠢᠵᠠᠭᠠᠷ᠂ ᠮᠤᠵᠢ ︵ᠥᠪᠡᠷᠲᠡᠭᠡᠨ ᠵᠠᠰᠠᠬᠤ ᠣᠷᠣᠨ︶ ᠶᠢᠨ ᠵᠠᠭᠠᠭ ᠤᠨ ᠭᠠᠵᠠᠷ ᠣᠷᠣᠨ ᠢ | ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠪᠣᠯᠭᠠᠵᠤ᠂ ᠪᠤᠰᠤᠳ ᠭᠠᠵᠠᠷ ᠣᠷᠣᠨ ᠨᠢ ᠡᠩ ᠤᠨ ᠰᠡᠷᠭᠡᠶᠢᠯᠡᠬᠦ ᠣᠷᠣᠨ | ᠪᠣᠯᠤᠨ᠎ᠠ᠃ ᠬᠤᠶᠠᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠶ ᠰᠢᠭᠤᠶ ᠨᠤᠲᠤᠭ ᠪᠡᠯᠴᠢᠭᠡᠷ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ ᠪᠣᠳᠠᠰ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠬᠦᠯᠵᠦ᠂ ᠲᠣᠰ ᠭᠠᠵᠠᠷ ᠣᠷᠣᠨ ᠢᠯᠠᠩᠭᠤᠶ᠎ᠠ | ᠭᠤᠤᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠤ ᠣᠶ ᠰᠢᠭᠤᠶ ᠶᠢᠨ ᠬᠤᠤᠷ ᠬᠥᠨᠥᠭᠡᠯ ᠲᠠᠢ ᠠᠮᠢᠳᠤ | ᠪᠣᠳᠠᠰ ᠤᠨ ᠭᠠᠮᠰᠢᠭ ᠢ ᠬᠢᠨᠠᠨ ᠬᠡᠮᠵᠢᠵᠦ ᠲᠥᠰᠦᠭᠡᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ | ᠬᠠᠮᠢᠶ᠎ᠠ ᠪᠥᠬᠦᠶ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠬᠤ ᠶᠢᠨ | ᠬᠠᠮᠲᠤ ᠬᠡᠷᠡᠭᠵᠢᠭᠦᠯᠵᠦ᠂ ᠬᠤᠤᠷ ᠬᠥᠨᠥᠭᠡᠯ ᠲᠠᠢ ᠠᠮᠢᠳᠤ ᠪᠣᠳᠠᠰ ᠤᠨ ᠡᠭᠦᠰᠬᠦ ᠶᠢ ᠰᠡᠷᠭᠡᠶᠢᠯᠡᠵᠦ ᠡᠵᠡᠮᠳᠡᠵᠦ | ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | 4.1.2 ᠬᠢᠨᠡᠨ ᠰᠢᠨᠵᠢᠵᠦ ᠬᠢᠨᠡᠨ ᠡᠵᠡᠮᠳᠡᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠬᠦᠨᠳᠦ ᠶᠡᠭᠡ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠬᠦ ᠶᠢ ᠬᠡᠷᠡᠭᠵᠢᠭᠦᠯᠬᠦ ᠨᠢᠭᠡᠴᠡ ᠣᠶ | ᠰᠢᠭᠤᠶ ᠶᠢᠨ ᠬᠥᠨᠥᠭᠡᠯᠲᠡᠶ ᠬᠦᠨᠳᠦ ᠶᠡᠭᠡ ᠠᠮᠢᠳᠤ ᠪᠣᠳᠠᠰ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠰᠬᠠᠢ | ᠮᠡᠷᠭᠡᠵᠢᠯ ᠤᠨ ᠡᠩᠨᠡᠭᠡ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠢᠯ | ᠪᠦᠷᠢ ᠬᠠᠷᠢᠶ᠎ᠠ ᠬᠡᠪᠴᠢᠶᠡᠨ ᠳᠣᠲᠣᠷᠠᠬᠢ ᠭᠤᠤᠯᠳᠠᠯᠭ᠎ᠠ ᠲᠠᠢ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠲᠤ | ᠨᠡᠶᠢᠳᠡᠮ ᠪᠠᠶᠢᠴᠠᠭᠠᠯᠲᠠ ᠬᠢᠵᠦ᠂ ᠡᠪᠡᠳᠴᠢᠨ ᠢᠶᠠᠷ ᠦᠬᠦᠭᠰᠡᠨ ᠮᠣᠳᠣ ᠪᠣᠯᠤᠨ ᠪᠤᠰᠤᠳ ᠬᠡᠪ ᠤᠨ ᠪᠤᠰᠤ | ᠦᠵᠡᠭᠳᠡᠯ ᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠵᠤ᠂ ᠦᠯᠢᠭᠡᠷ ᠠᠪᠴᠤ᠂ ᠴᠢᠬᠤᠯᠠ ᠲᠠᠢ ᠦ᠊ | ᠡᠶ᠎ᠡ ᠳᠤ ᠲᠤᠰᠬᠠᠶ ᠬᠥᠮᠦᠨ ᠲᠣᠮᠢᠯᠠᠨ ᠬᠠᠮᠢᠶᠠᠷᠤᠨ ᠬᠠᠮᠠᠭᠠᠯᠠᠵᠤ᠂ ᠲᠤᠬᠠᠶ ᠶᠢᠨ ᠭᠠᠵᠠᠷ ᠲᠤᠨᠢ ᠴᠠᠭ ᠲᠤᠬᠠᠶ ᠳᠤᠨᠢ | ᠬᠢᠨᠠᠨ ᠡᠵᠡᠮᠳᠡᠵᠦ᠂ ᠣᠯᠤᠭᠰᠠᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠦᠯᠢᠭᠡᠷ ᠶᠠᠩᠵᠤ ᠶᠢ | ᠳᠠᠷᠦ᠋ᠢᠬᠠᠨ ᠬᠤᠲᠠ ᠶᠢᠨ ᠱᠠᠲᠤᠨ ᠤ ᠣᠶ ᠰᠢᠭᠤᠶ ᠡᠪᠡᠰᠦᠨ ᠤ ᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠦᠷᠭᠡᠵᠦ ᠨᠤᠲᠠᠯᠠᠭᠤᠯᠬᠤ ᠪᠠ ᠬᠢᠨᠠᠨ ᠲᠣᠭᠲᠠᠭᠠᠯᠭᠠᠬᠤ ᠬᠡᠷᠡᠭᠲᠡᠶ︔ ᠬᠤᠲᠠ ᠶᠢᠨ ᠱᠠᠲᠤᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠵᠦ ᠨᠤᠲᠠᠯᠠᠭᠤᠯᠬᠤ ᠪᠠ | ᠬᠢᠨᠠᠨ ᠲᠣᠭᠲᠠᠭᠠᠯᠭᠠᠬᠤ ᠬᠡᠷᠡᠭᠲᠡᠶ᠃ ᠬᠠᠷᠢᠯᠴᠠᠬᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠶ | ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠴᠠᠭ ᠲᠤᠬᠠᠶ ᠳᠤᠨᠢ ᠣᠯᠵᠤ ᠮᠡᠳᠡᠬᠦ ᠶᠢ ᠦᠨᠡᠨᠬᠦ | ᠪᠠᠲᠤᠯᠠᠬᠤ ᠬᠡᠷᠡᠭᠲᠡᠶ᠃ | 4.1.3 ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠨᠢ ᠥᠩᠭᠡᠷᠡᠭᠰᠡᠨ ᠵᠢᠯ ᠤᠳ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠭᠰᠡᠨ | ᠪᠠᠶᠢᠳᠠᠯ ᠢ ᠬᠤᠷᠢᠶᠠᠩᠭᠤᠶᠢᠯᠠᠬᠤ᠂ ᠣᠨ ᠤ ᠠᠭᠤᠷ ᠠᠮᠢᠰᠬᠤᠯ ᠤᠨ ᠬᠠᠨᠳᠤᠰᠢ ᠶᠢ ᠲᠥᠰᠦᠭᠡᠯᠡᠬᠦ ᠵᠡᠷᠭᠡ ᠶᠢ | ᠦᠨᠳᠦᠰᠦᠯᠡᠨ᠂ ᠬᠥᠨᠥᠭᠡᠯᠲᠡᠶ ᠠᠮᠢᠳᠤ ᠪᠣᠳᠠᠰ ᠤᠨ ᠡᠭᠦᠰᠬᠦ ᠪᠠᠶᠢᠳᠠᠯ ᠳᠤ ᠬᠠᠭᠠᠰ ᠵᠢᠯ ᠪᠦᠷᠢ ᠵᠠᠳᠠᠯᠤᠯᠲᠠ ᠬᠢᠵᠦ | ᠲᠥᠰᠦᠭᠡᠯᠡᠬᠦ ᠶᠢᠨ ᠬᠠᠮᠲᠤ ᠤᠷᠢᠳᠴᠢᠯᠠᠨ ᠮᠡᠳᠡᠭᠡᠯᠡᠬᠦ ᠬᠡᠷᠡᠭᠲᠡᠶ︔ ᠭᠠᠳᠠᠷ ᠭᠠᠵᠠᠷ ᠣᠷᠣᠨ ᠢᠯᠠᠩᠭᠤᠶ᠎ᠠ ᠡᠷᠬᠢᠨ | ᠲᠣᠭᠤᠷᠢᠨ ᠤ ᠭᠠᠵᠠᠷ ᠣᠷᠣᠨ ᠳᠤ ᠨᠢᠭᠡᠨᠲᠡ ᠡᠭᠦᠰᠦᠭᠰᠡᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠲᠤ ︽ᠳᠡᠭᠡᠳᠦ ᠬᠡᠮᠵᠢᠶ᠎ᠡ ᠪᠠᠷ ᠰᠡᠷᠭᠡᠭ ᠪᠠᠶᠢᠵᠤ᠂ ᠬᠤᠯᠪᠣᠭᠳᠠᠭᠤᠯᠬᠤ ᠶᠢ ᠴᠢᠬᠤᠯᠠᠴᠢᠯᠠᠬᠤ︾ ᠵᠠᠷᠴᠢᠮ | ᠶᠣᠰᠣᠭᠠᠷ᠂ ᠲᠣᠰ ᠭᠠᠵᠠᠷ ᠣᠷᠣᠨ ᠤ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠲᠥᠰᠦᠭᠡᠯᠡᠬᠦ | ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠵᠦ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠲᠡᠭᠦᠯᠳᠡᠷᠵᠢᠭᠦᠯᠬᠦ ᠬᠡᠷᠡᠭᠲᠡᠶ᠃ | 4.1.4 ᠬᠢᠵᠢᠭ ᠤᠨ ᠪᠠᠶᠢᠳᠠᠯ ᠢ ᠰᠡᠷᠭᠡᠶᠢᠯᠡᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠠᠴᠠ ᠣᠶ ᠰᠢᠭᠤᠶ ᠶᠢᠨ ᠤᠷᠭᠤᠮᠠᠯ ᠵᠢᠴᠢ ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠬᠢᠬᠦ ᠶᠢ | ᠬᠠᠷᠢᠭᠤᠴᠠᠨ᠎ᠠ᠃ ᠴᠢᠬᠢ ᠮᠣᠳᠣᠨ ᠤ ᠭᠠᠷᠤᠯᠲᠠ ᠶᠢᠨ ᠣᠷᠣᠨ ᠳᠤ ᠬᠢᠵᠢᠭ ᠪᠠᠶᠢᠴᠠᠭᠠᠬᠤ᠂ ᠰᠢᠯᠵᠢᠭᠦᠯᠦᠨ | ᠵᠥᠭᠡᠭᠡᠪᠦᠷᠢᠯᠡᠬᠦ ᠬᠢᠵᠢᠭ ᠪᠠᠶᠢᠴᠠᠭᠠᠬᠤ ᠵᠢᠴᠢ ᠳᠠᠬᠢᠨ ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ | ᠬᠢᠵᠢᠭ ᠪᠠᠶᠢᠴᠠᠭᠠᠬᠤ ᠪᠠᠶᠢᠴᠠᠭᠠᠨ ᠰᠢᠯᠭᠠᠬᠤ ᠪᠠᠷ ᠳᠠᠮᠵᠢᠨ᠂ ᠬᠢᠵᠢᠭ ᠪᠠᠶᠢᠴᠠᠭᠠᠬᠤ ᠴᠢᠨᠠᠷᠲᠠᠶ ᠪᠠ ᠬᠥᠨᠥᠭᠡᠯᠲᠦ | ᠴᠢᠨᠠᠷᠲᠠᠶ ᠣᠶ ᠰᠢᠭᠤᠶ ᠶᠢᠨ ᠬᠥᠨᠥᠭᠡᠯᠲᠦ ᠠᠮᠢᠳᠤ ᠪᠣᠳᠠᠰ ᠢ ᠨᠤᠲᠠᠯᠠᠭᠰᠠᠨ ᠪᠣᠯ ᠴᠠᠭ ᠲᠤᠬᠠᠶ ᠳᠤᠨᠢ ᠬᠥᠨᠥᠭᠡᠯ ᠢ | ᠠᠷᠢᠯᠭᠠᠬᠤ ᠬᠡᠷᠡᠭᠲᠡᠶ ᠬᠥᠨᠥᠭᠡᠯ ᠢ ᠠᠷᠢᠯᠭᠠᠵᠤ ᠳᠡᠶᠢᠯᠬᠦ ᠦᠭᠡᠶ ᠪᠣᠯ ᠪᠤᠴᠠᠭᠠᠬᠤ ᠪᠤᠶᠤ ᠲᠤᠬᠠᠶ ᠶᠢᠨ ᠭᠠᠵᠠᠷ ᠲᠤᠨᠢ | ᠤᠰᠠᠳᠬᠠᠬᠤ ᠬᠡᠷᠡᠭᠲᠡᠶ᠃ ᠡᠭᠦᠨ ᠤ ᠬᠠᠮᠲᠤ ᠬᠢᠵᠢᠭ ᠤᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠳᠭᠠᠵᠤ᠂ ︽ᠤᠷᠭᠤᠮᠠᠯ ᠤᠨ ᠬᠢᠵᠢᠭ ᠢ ᠪᠠᠶᠢᠴᠠᠭᠠᠬᠤ ᠦᠨᠡᠮᠯᠡᠯ︾ ᠢ ᠬᠠᠭᠤᠷᠮᠠᠭᠯᠠᠨ ᠵᠣᠬᠢᠶᠠᠬᠤ᠂ | ᠰᠠᠷᠢᠭᠠᠯᠠᠬᠤ᠂ ᠣᠶ ᠰᠢᠭᠤᠶ ᠶᠢᠨ ᠤᠷᠭᠤᠮᠠᠯ ᠬᠢᠭᠡᠳ ᠪᠦᠲᠦᠭᠡᠭᠳᠡᠬᠦᠨ ᠢ ᠬᠠᠤᠯᠢ ᠪᠤᠰᠤ ᠪᠠᠷ ᠰᠢᠯᠵᠢᠭᠦᠯᠦᠨ | ᠲᠡᠭᠡᠭᠡᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ 4. | 2 ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ | 4.2.1 ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠨᠢ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ | ᠰᠢᠰᠲ᠋ᠧᠮ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠤᠷ ᠰᠦᠯᠵᠢᠶ᠎ᠡ ᠶᠢ ᠠᠯᠬᠤᠮ | ᠠᠯᠬᠤᠮ ᠢᠶᠠᠷ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠨᠥᠬᠦᠴᠡᠯ ᠢ ᠰᠠᠶᠢᠵᠢᠷᠠᠭᠤᠯᠵᠤ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠨᠢ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠲᠥᠰᠦᠭᠡᠯᠡᠵᠦ | ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠵᠢᠷᠤᠮᠵᠢᠯ ᠢ ᠦᠨᠳᠦᠰᠦᠯᠡᠨ᠂ ᠭᠤᠤᠯᠳᠠᠯᠭ᠎ᠠ ᠲᠠᠢ ᠨᠤᠲᠤᠭ ᠪᠡᠯᠴᠢᠭᠡᠷ ᠤᠨ | ᠣᠷᠣᠨ ᠪᠠ ᠠᠮᠢ ᠠᠬᠤᠶ ᠶᠢᠨ ᠴᠢᠳᠠᠮᠵᠢᠲᠤ ᠣᠷᠣᠨ ᠳᠤ ᠬᠢᠨᠠᠨ ᠬᠡᠮᠵᠢᠬᠦ ᠣᠷᠣᠨ ᠪᠦᠰᠡ ᠶᠢ ᠬᠤᠪᠢᠶᠠᠷᠢᠯᠠᠵᠤ᠂ | ᠬᠢᠨᠠᠨ ᠬᠡᠮᠵᠢᠬᠦ ᠴᠡᠭ ᠢ ᠨᠢᠭᠲᠠ ᠬᠢᠨᠠᠨ ᠬᠡᠮᠵᠢᠬᠦ ᠪᠠᠷ ᠲᠣᠭᠲᠠᠭᠠᠨ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ | ᠪᠣᠳᠠᠲᠤ ᠴᠢᠨᠠᠷ᠂ ᠣᠨᠣᠪᠴᠢᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠎ᠡ᠃ ᠬᠢᠨᠠᠨ ᠬᠡᠮᠵᠢᠬᠦ | ᠮᠡᠳᠡᠭᠡ ᠵᠠᠩᠭᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠡᠭᠦᠰᠬᠦ ᠬᠠᠨᠳᠤᠰᠢ ᠳᠤ | ᠵᠠᠳᠠᠯᠤᠯᠲᠠ ᠬᠢᠬᠦ ᠶᠢ ᠬᠢᠨᠠᠮᠠᠭᠠᠶ ᠥᠷᠨᠢᠭᠦᠯᠵᠦ᠂ ᠤᠷᠲᠤ᠂ ᠳᠤᠮᠳᠠ᠂ ᠣᠬᠤᠷ ᠬᠤᠭᠤᠴᠠᠭᠠᠨ ᠤ ᠲᠥᠰᠦᠭᠡᠯᠡᠬᠦ | ᠮᠡᠳᠡᠭᠦᠯᠦᠯᠲᠡ ᠶᠢ ᠳᠤᠷᠠᠳᠬᠤ ᠬᠡᠷᠡᠭᠲᠡᠶ᠃ | 4.2.2 ᠰᠡᠷᠭᠡᠶᠢᠯᠡᠨ ᠡᠵᠡᠮᠳᠡᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠨᠤᠲᠤᠭ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ | ᠶᠣᠰᠣᠭᠠᠷ᠂ ᠬᠥᠨᠥᠭᠡᠯᠲᠡᠶ ᠠᠮᠢᠳᠤ ᠪᠣᠳᠠᠰ ᠡᠭᠦᠰᠬᠦ ᠵᠢᠮ᠎ᠡ ᠶᠣᠰᠣ ᠪᠠ ᠭᠠᠮᠰᠢᠭ ᠡᠭᠦᠰᠦᠭᠰᠡᠨ ᠪᠠᠶᠢᠳᠠᠯ ᠢ | ᠦᠨᠳᠦᠰᠦᠯᠡᠨ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠬᠠᠮᠤᠭ ᠤᠨ ᠰᠠᠶᠢᠨ ᠰᠡᠷᠭᠡᠶᠢᠯᠡᠨ ᠵᠠᠰᠠᠬᠤ ᠬᠤᠭᠤᠴᠠᠭ᠎ᠠ ᠶᠢ ᠡᠵᠡᠮᠳᠡᠨ᠂ ᠬᠥᠨᠥᠭᠡᠯᠲᠡᠶ | ᠠᠮᠢᠳᠤ ᠪᠣᠳᠠᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠡᠷᠭᠡᠶᠢᠯᠡᠨ ᠵᠠᠰᠠᠵᠤ᠂ ᠬᠥᠨᠥᠭᠡᠯᠲᠡᠶ ᠠᠮᠢᠳᠤ ᠪᠣᠳᠠᠰ ᠢ | ᠲᠦᠷᠭᠡᠨ ᠰᠡᠷᠭᠡᠶᠢᠯᠡᠨ ᠠᠷᠢᠯᠭᠠᠵᠤ᠂ ᠭᠠᠮᠰᠢᠭ ᠡᠭᠦᠰᠬᠦ ᠶᠢ ᠰᠡᠷᠭᠡᠶᠢᠯᠡᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠰᠡᠷᠭᠡᠶᠢᠯᠡᠨ ᠵᠠᠰᠠᠬᠤ ᠠᠷᠭ᠎ᠠ ᠪᠤᠳᠤᠯᠭ᠎ᠠ ᠶᠢᠨ ᠲᠠᠯ᠎ᠠ ᠪᠠᠷ᠂ ᠰᠡᠷᠭᠡᠶᠢᠯᠡᠬᠦ ᠪᠠᠷ ᠭᠤᠣᠯ ᠪᠣᠯᠭᠠᠬᠤ᠂ | ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠰᠡᠷᠭᠡᠶᠢᠯᠡᠨ ᠵᠠᠰᠠᠬᠤ ᠶᠢ | ᠰᠠᠨᠠᠭᠠᠴᠢᠯᠠᠵᠤ᠂ ᠤᠯᠠᠨ ᠵᠦᠢᠯ ᠤᠨ ᠪᠦᠲᠦᠮᠵᠢᠲᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠪᠠ᠃ ᠰᠢᠨᠵᠢᠯᠡᠬᠦ | ᠤᠬᠠᠭᠠᠨ ᠮᠡᠷᠭᠡᠵᠢᠯ ᠳᠡᠯᠭᠡᠷᠡᠭᠦᠯᠬᠦ ᠪᠣᠯᠪᠠᠰᠤᠷᠠᠭᠤᠯᠤᠯ ᠤᠨ ᠠᠵᠢᠯ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ ᠢ ᠰᠤᠳᠤᠯᠤᠨ | ᠨᠡᠭᠡᠭᠡᠬᠦ᠂ ᠨᠥᠭᠡᠴᠡᠯᠡᠬᠦ᠂ ᠳᠡᠯᠭᠡᠷᠡᠭᠦᠯᠬᠦ ᠶᠠᠪᠤᠳᠠᠯ ᠢ ᠢᠳᠡᠪᠬᠢᠲᠡᠶ ᠵᠣᠬᠢᠶᠠᠨ ᠪᠠᠶᠢᠭᠤᠯᠤᠨ᠂ ᠭᠠᠮᠰᠢᠭ ᠤᠨ ᠲᠠᠷᠬᠠᠬᠤ | ᠪᠠ ᠳᠡᠯᠭᠡᠷᠡᠬᠦ ᠶᠢ ᠴᠢᠷᠮᠠᠶᠢᠨ ᠰᠡᠷᠭᠡᠶᠢᠯᠡᠵᠦ᠂ ᠭᠠᠮᠰᠢᠭ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ | ᠬᠦᠷᠲᠡᠯ᠎ᠡ ᠪᠠᠭᠠᠰᠬᠠᠬᠤ ᠬᠡᠷᠡᠭᠲᠡᠶ᠃ | 4.3 ᠰᠡᠷᠡᠮᠵᠢᠯᠡᠬᠦᠯᠬᠦ ᠲᠤᠠᠠᠳᠡᠴᠠ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠣᠶ | ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠭᠠᠷᠤᠭᠰᠠᠨ ᠮᠡᠳᠡᠭᠡ ᠵᠠᠩᠭᠢ ᠶᠢ | ᠢᠯᠡᠷᠡᠭᠦᠯᠦᠭᠰᠡᠨ ᠪᠤᠶᠤ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠵᠠᠳᠠᠯᠤᠨ ᠦᠨᠡᠯᠡᠬᠦ ᠶᠢ ᠵᠣᠬᠢᠶᠠᠨ ᠪᠠᠶᠢᠭᠤᠯᠵᠤ | ᠂ ᠭᠠᠮᠰᠢᠭ ᠡᠭᠦᠰᠬᠦ ᠬᠠᠨᠳᠤᠰᠢ᠂ ᠬᠤᠤᠷ ᠬᠥᠨᠥᠭᠡᠯ ᠤᠨ ᠬᠡᠮᠵᠢᠶ᠎ᠡ᠂ ᠨᠥᠯᠥᠭᠡᠯᠡᠬᠦ ᠬᠡᠪᠴᠢᠶ᠎ᠡ ᠪᠠ ᠵᠡᠷᠭᠡ ᠳᠡᠰ ᠢ | ᠰᠤᠳᠤᠯᠤᠨ ᠮᠠᠭᠠᠳᠯᠠᠵᠤ᠂ ᠰᠡᠷᠡᠮᠵᠢᠯᠡᠭᠦᠯᠬᠦ ᠲᠠᠰ ᠢ ᠲᠣᠭᠲᠠᠭᠠᠨ᠂ ᠴᠠᠭ ᠲᠤᠬᠠᠶ ᠳᠤᠨᠢ ᠴᠢᠬᠤᠯᠠ ᠪᠥᠬᠦᠶ | ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠭᠠᠷᠭᠠᠬᠤ ᠶᠢᠨ ᠬᠠᠮᠲᠤ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ | ᠬᠡᠷᠡᠭᠲᠡᠶ᠃ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠡᠭᠦᠰᠬᠦ ᠪᠠᠴᠢᠮ ᠪᠠᠶᠢᠳᠠᠯ᠂ ᠬᠥᠭᠵᠢᠯᠲᠡ ᠶᠢᠨ ᠪᠠᠶᠢᠳᠠᠯ ᠪᠠ | ᠤᠴᠠᠷᠠᠭᠤᠯᠵᠤ ᠮᠡᠳᠡᠬᠦ ᠬᠤᠤᠷ ᠬᠥᠨᠥᠭᠡᠯ ᠤᠨ ᠬᠡᠮᠵᠢᠶ᠎ᠡ ᠶᠣᠰᠣᠭᠠᠷ᠂ ᠤᠷᠢᠳᠴᠢᠯᠠᠨ ᠰᠡᠷᠡᠮᠵᠢᠯᠡᠭᠦᠯᠬᠦ ᠲᠠᠰ ᠢ | ᠳᠣᠤᠷ᠎ᠠ ᠠᠴᠠ ᠥᠨᠳᠥᠷ ᠬᠦᠷᠲᠡᠯ᠎ᠡ Ⅲ ᠲᠠᠰ᠂ Ⅱ ᠲᠠᠰ᠂ Ⅰ ᠲᠠᠰ ᠤᠨ ᠭᠤᠷᠪᠠᠨ ᠤᠷᠢᠳᠴᠢᠯᠠᠨ | ᠰᠡᠷᠡᠮᠵᠢᠯᠡᠭᠦᠯᠬᠦ ᠲᠠᠰ ᠢ ᠬᠤᠪᠢᠶᠠᠨ᠎ᠠ᠃ Ⅲ ᠲᠠᠰ ᠤᠨ ᠰᠡᠷᠡᠮᠵᠢᠯᠡᠭᠦᠯᠦᠯ ᠢ ᠲᠣᠭᠤᠷᠢᠭ ᠤᠨ ᠵᠢᠯᠣᠭᠤᠳᠬᠤ | ᠭᠠᠵᠠᠷ ᠠᠴᠠ ᠬᠤᠲᠠ ᠶᠢᠨ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ᠃ | Ⅱ ᠳᠡᠰ ᠤᠨ ᠰᠡᠷᠡᠮᠵᠢᠯᠡᠭᠦᠯᠦᠯ ᠢ ᠲᠣᠭᠤᠷᠢᠭ ᠤᠨ ᠵᠢᠯᠣᠭᠤᠳᠬᠤ ᠭᠠᠵᠠᠷ ᠠᠴᠠ ᠬᠤᠲᠠ ᠶᠢᠨ ᠵᠢᠯᠣᠭᠤᠳᠬᠤ ᠭᠠᠵᠠᠷ᠂ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ᠃ Ⅰ | ᠲᠠᠰ ᠤᠨ ᠰᠡᠷᠡᠮᠵᠢᠯᠡᠭᠦᠯᠦᠯ ᠢ ᠲᠣᠭᠤᠷᠢᠭ ᠤᠨ ᠵᠢᠯᠣᠭᠤᠳᠬᠤ ᠭᠠᠵᠠᠷ ᠠᠴᠠ ᠣᠷᠣᠨ ᠤ ᠵᠠᠰᠠᠭ ᠤᠨ ᠣᠷᠳᠣᠨ᠂ | ᠬᠤᠲᠠ ᠶᠢᠨ ᠵᠢᠯᠣᠭᠤᠳᠬᠤ ᠭᠠᠵᠠᠷ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ᠎ᠡ᠃ ᠬᠠᠤᠯᠢ ᠴᠠᠭᠠᠵᠠ ᠬᠠᠤᠯᠢ | ᠲᠣᠭᠲᠠᠭᠠᠯ ᠳᠤ ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃ ᠣᠶ ᠰᠢᠭᠤᠶ ᠪᠠ | ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠷᠠᠳᠢᠣ᠋ | ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ᠂ ᠸᠢᠴᠠᠲ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠬᠤᠯᠪᠣᠭᠳᠠᠯ | ᠪᠥᠬᠦᠶ ᠭᠠᠵᠠᠷ ᠣᠷᠣᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠣᠯᠠᠨ ᠨᠡᠶᠢᠲᠡ ᠳᠤ ᠨᠡᠶᠢᠲᠡᠯᠡᠨ᠎ᠡ᠃ ᠣᠷᠣᠨ ᠤ | ᠵᠢᠯᠣᠭᠤᠳᠬᠤ ᠭᠠᠵᠠᠷ ᠨᠢ ᠪᠠᠰᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢᠳᠤ | ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠡᠷᠡᠮᠵᠢᠯᠡᠭᠦᠯᠬᠦ ᠮᠡᠳᠡᠭᠡ ᠵᠠᠩᠭᠢ ᠲᠠᠷᠬᠠᠭᠠᠬᠤ ᠶᠢᠨ | ᠬᠠᠮᠲᠤ᠂ ᠠᠵᠢᠯ ᠤᠨ ᠱᠠᠭᠠᠷᠳᠠᠯᠭ᠎ᠠ ᠳᠤᠷᠠᠳᠴᠤ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠭᠰᠡᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠡᠷᠡᠮᠵᠢᠯᠡᠭᠦᠯᠬᠦ ᠮᠡᠳᠡᠭᠡ ᠵᠠᠩᠭᠢ ᠶᠢ | ᠬᠦᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠶ ᠳᠤᠨᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠭᠰᠡᠨ ᠨᠢᠭᠡᠴᠡ ᠳᠤ | ᠬᠦᠯᠢᠶᠡᠨ ᠠᠪᠤᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ᠃ ᠵᠠᠭᠤᠴᠢᠯᠠᠭᠤᠷ ᠤᠨ ᠨᠢᠭᠡᠴᠡ | ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ | ᠡᠩ ᠲᠡᠷᠢᠭᠦᠨ ᠳᠤ ᠰᠠᠶᠢᠲᠤᠷ ᠬᠢᠬᠦ ᠬᠡᠷᠡᠭᠲᠡᠶ᠃ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ᠄ ᠣᠶ ᠰᠢᠭᠤᠶ | ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠲᠥᠷᠥᠯ ᠵᠦᠢᠯ᠂ ᠬᠤᠤᠷ ᠬᠥᠨᠥᠭᠡᠯ ᠤᠨ ᠬᠡᠮᠵᠢᠶ᠎ᠡ᠂ | ᠰᠡᠷᠡᠮᠵᠢᠯᠡᠭᠦᠯᠬᠦ ᠳᠡᠰ᠂ ᠰᠡᠷᠡᠮᠵᠢᠯᠡᠭᠦᠯᠬᠦ ᠣᠷᠣᠨ ᠪᠦᠰᠡ᠂ ᠰᠡᠷᠡᠮᠵᠢᠯᠡᠭᠦᠯᠬᠦ ᠬᠤᠭᠤᠴᠠᠭᠠᠨ ᠤ ᠡᠬᠢᠯᠡᠬᠦ ᠴᠠᠭ᠂ | ᠨᠥᠯᠥᠭᠡᠯᠡᠬᠦ ᠪᠣᠯᠤᠮᠵᠢ ᠲᠠᠢ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ᠂ ᠠᠪᠬᠤ ᠶᠣᠰᠣᠲᠠᠶ ᠠᠷᠭ᠎ᠠ ᠬᠡᠮᠵᠢᠶ᠎ᠡ ᠪᠠ | ᠨᠡᠶᠢᠲᠡᠯᠡᠬᠦ ᠪᠠᠶᠢᠭᠤᠯᠤᠯᠭ᠎ᠠ ᠵᠡᠷᠭᠡ ᠪᠠᠭᠲᠠᠨ᠎ᠠ᠃ | 5. ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | 5.1 ᠤᠷᠢᠳᠠᠪᠠᠷ ᠰᠢᠢᠳᠪᠦᠷᠢᠯᠡᠬᠦ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠭᠠᠷᠤᠭᠰᠠᠨ ᠤ ᠳᠠᠷᠠᠭ᠎ᠠ᠂ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠲᠡᠷᠡ ᠳᠠᠷᠤᠶ ᠳᠤᠨᠢ | ᠪᠡᠯᠡᠳᠬᠡᠯ ᠲᠥᠰᠦᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠬᠠᠮᠢᠶ᠎ᠠ ᠪᠥᠬᠦᠶ ᠬᠥᠮᠦᠰ ᠢ | ᠦᠳᠲᠡᠷ ᠲᠦᠷᠭᠡᠨ ᠲᠣᠮᠢᠯᠠᠵᠤ ᠲᠤᠬᠠᠶ ᠶᠢᠨ ᠲᠠᠯᠠᠪᠤᠷ ᠲᠤ ᠬᠦᠷᠦᠭᠦᠯᠵᠦ᠂ ᠲᠤᠬᠠᠶ ᠶᠢᠨ ᠲᠠᠯᠠᠪᠤᠷ ᠤᠨ ᠪᠠᠶᠢᠳᠠᠯ ᠢ | ᠰᠤᠳᠤᠯᠤᠨ ᠮᠠᠭᠠᠳᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠪᠠᠶᠢᠳᠠᠯ ᠤᠨ | ᠬᠥᠭᠵᠢᠯᠲᠡ ᠶᠢ ᠬᠢᠵᠠᠭᠠᠷᠯᠠᠨ᠎ᠠ᠃ ᠪᠠᠶᠢᠳᠠᠯ ᠢᠶᠠᠨ ᠦᠵᠡᠵᠦ ᠪᠠᠶᠢᠭᠠᠳ ᠲᠤᠬᠠᠶ ᠶᠢᠨ ᠲᠠᠯᠠᠪᠠᠶ ᠶᠢᠨ ᠵᠢᠯᠣᠭᠤᠳᠬᠤ | ᠭᠠᠵᠠᠷ ᠪᠠᠶᠢᠭᠤᠯᠵᠤ᠂ ᠬᠤᠯᠪᠣᠭᠳᠠᠯ ᠪᠦᠬᠦᠢ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠪᠠ | ᠠᠷᠠᠳ ᠣᠯᠠᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠳᠠᠶᠢᠴᠢᠯᠠᠨ ᠤᠷᠢᠳᠠᠪᠠᠷ ᠰᠢᠢᠳᠪᠦᠷᠢᠯᠡᠵᠦ᠂ ᠬᠡᠷᠡᠭ ᠤᠨ | ᠰᠢᠨᠵᠢ ᠴᠢᠨᠠᠷ᠂ ᠲᠥᠷᠥᠯ ᠢᠯᠭᠠᠯ᠂ ᠬᠤᠤᠷ ᠬᠥᠨᠥᠭᠡᠯ ᠤᠨ ᠬᠡᠮᠵᠢᠶ᠎ᠡ᠂ ᠨᠥᠯᠥᠭᠡᠯᠡᠬᠦ ᠬᠡᠪᠴᠢᠶ᠎ᠡ᠂ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ᠂ ᠬᠥᠭᠵᠢᠯᠲᠡ ᠶᠢᠨ ᠬᠠᠨᠳᠤᠰᠢ ᠵᠡᠷᠭᠡ ᠳᠤ ᠲᠣᠭᠲᠠᠭᠠᠯ ᠶᠣᠰᠣᠭᠠᠷ ᠦᠨᠡᠯᠡᠨ ᠵᠢᠱᠢᠵᠦ | ᠳᠡᠭᠡᠭᠰᠢ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠠᠪᠴᠤ᠂ ᠡᠭᠦᠰᠦᠮᠡᠯ ᠭᠠᠮᠰᠢᠭ ᠭᠠᠷᠬᠤ ᠠᠴᠠ | ᠵᠠᠶᠢᠯᠠᠰᠬᠢᠬᠦ ᠬᠡᠷᠡᠭᠲᠡᠶ᠃ | 5.2 ᠱᠠᠲᠤ ᠬᠤᠪᠢᠶᠠᠨ ᠳᠠᠭᠠᠬᠤ ᠪᠠᠴᠢᠮ ᠪᠠᠶᠢᠳᠠᠯ ᠢ ᠠᠷᠭᠠᠴᠠᠬᠤ ᠳᠤ ︽ᠬᠠᠷᠢᠶ᠎ᠠ ᠭᠠᠵᠠᠷ ᠲᠤᠨᠢ | ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠱᠠᠲᠤ ᠬᠤᠪᠢᠶᠠᠨ ᠳᠠᠭᠠᠬᠤ ᠶᠢ | ᠬᠡᠷᠡᠭᠵᠢᠭᠦᠯᠦᠨ᠎ᠡ᠃ ᠪᠠᠴᠢᠮ ᠪᠠᠢᠳᠡᠯ ᠢ ᠠᠷᠭᠠᠴᠠᠬᠤ ᠳᠤ ᠳᠠᠭᠠᠵᠤ ᠬᠢᠬᠦ ᠶᠢ ᠡᠬᠢᠯᠡᠭᠦᠯᠦᠨ ᠭᠡᠷᠡᠭᠵᠢᠬᠦᠯᠥᠭᠰᠡᠨ ᠤ | ᠳᠡᠷᠠᠭ᠎ᠠ᠂ ᠭᠡᠷᠩ ᠤᠨ ᠪᠠᠢᠳᠡᠯ ᠤᠨ ᠬᠦᠭᠵᠢᠯᠳᠡ ᠵᠢᠴᠢ ᠬᠤᠪᠢᠷᠡᠯᠳᠡ ᠶᠢ ᠦᠵᠡᠵᠦ ᠳᠠᠭᠠᠵᠤ ᠬᠢᠬᠦ ᠳᠡᠰ ᠲᠤ | ᠲᠣᠬᠢᠷᠡᠭᠤᠯᠥᠯᠳᠡ ᠬᠢᠵᠦ᠂ ᠳᠠᠭᠠᠵᠤ ᠬᠢᠬᠦ ᠨᠢ ᠭᠡᠳᠦᠷᠬᠡᠢ ᠪᠤᠯᠥᠠᠠᠰᠠᠨ ᠪᠤᠶᠤ ᠬᠦᠷᠦᠯᠴᠡᠬᠦ ᠦᠭᠡᠢ ᠠᠴᠠ ᠪᠤᠯᠵᠦ | ᠬᠤᠬᠢᠷᠡᠯ ᠡᠬᠦᠰᠬᠦ ᠠᠴᠠ ᠵᠶᠢᠯᠠᠰᠬᠢᠵᠦ ᠪᠤᠯᠥᠨ᠎ᠠ᠃ ᠬᠡᠷᠡᠭ ᠤᠨ ᠪᠠᠶᠢᠳᠠᠯ ᠨᠢ ᠥᠷᠭᠡᠳᠬᠡᠬᠦ ᠬᠠᠨᠳᠤᠰᠢ ᠲᠠᠢ ᠪᠤᠶᠤ | ᠨᠢᠭᠡᠨᠲᠡ ᠥᠷᠭᠡᠳᠴᠦ᠂ ᠨᠠᠩ ᠳᠡᠭᠡᠳᠦ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠤᠯ ᠢ ᠡᠬᠢᠯᠡᠭᠦᠯᠬᠦ | ᠴᠢᠬᠤᠯᠠᠲᠠᠶ ᠦᠶ᠎ᠡ ᠳᠤ᠂ ᠴᠠᠭ ᠲᠤᠬᠠᠶ ᠳᠤᠨᠢ ᠳᠡᠭᠡᠷ᠎ᠡ ᠨᠢᠭᠡ ᠱᠠᠲᠤᠨ ᠤ ᠵᠢᠯᠣᠭᠤᠳᠬᠤ ᠭᠠᠵᠠᠷ ᠲᠤ ᠮᠡᠳᠡᠭᠦᠯᠬᠦ | ᠬᠡᠷᠡᠭᠲᠡᠶ᠃ | 5.2.1 Ⅰ ᠳᠡᠰ ᠤᠨ ᠳᠠᠭᠠᠬᠤᠢ ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠲᠤᠬᠠᠶ ᠶᠢᠨ | ᠲᠠᠯᠠᠪᠠᠶ ᠳᠤ ᠬᠦᠷᠴᠦ᠂ Ⅰ ᠲᠠᠰ ᠤᠨ ᠬᠦᠨᠳᠦ ᠶᠡᠭᠡ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠤᠨ ᠭᠠᠮᠰᠢᠭ ᠪᠣᠯᠬᠤ ᠶᠢ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠣᠷᠣᠨ ᠤ ᠵᠢᠯᠣᠭᠤᠳᠬᠤ | ᠭᠠᠵᠠᠷ ᠠᠴᠠ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠵᠢᠯᠣᠭᠤᠳᠬᠤ ᠭᠠᠵᠠᠷ᠂ ᠬᠤᠲᠠ ᠶᠢᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠦᠨ᠎ᠡ᠃ ᠪᠦᠷᠢᠯᠳᠦᠬᠦᠨ | ᠨᠢᠭᠡᠴᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠪᠠᠴᠢᠮ ᠬᠤᠷᠠᠯ ᠬᠤᠷᠠᠯᠳᠤᠭᠤᠯᠵᠤ᠂ ᠰᠢᠶ᠋ᠳᠪᠦᠷᠢᠲᠦ | ᠪᠣᠳᠣᠯᠭ᠎ᠠ ᠲᠣᠭᠲᠠᠭᠠᠬᠤ ᠬᠤᠯᠪᠣᠭᠳᠠᠯ ᠪᠥᠬᠦᠶ ᠴᠢᠬᠤᠯᠠ ᠶᠡᠭᠡ ᠵᠦᠶ᠋ᠯᠡᠰ ᠢ ᠴᠠᠭ ᠲᠤᠬᠠᠶ ᠳᠤᠨᠢ ᠰᠡᠷᠭᠡᠶᠢᠯᠡᠨ | ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠣᠭᠤᠷᠢᠭ ᠤᠨ ᠵᠢᠯᠣᠭᠤᠳᠬᠤ ᠭᠠᠵᠠᠷ ᠨᠢ ᠴᠠᠭ ᠲᠤᠬᠠᠶ ᠳᠤᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠪᠠ ᠬᠤᠲᠠ ᠶᠢᠨ ᠵᠢᠯᠣᠭᠤᠳᠬᠤ ᠭᠠᠵᠠᠷ ᠲᠤ ᠭᠠᠮᠰᠢᠭ ᠤᠨ ᠪᠠᠶᠢᠳᠠᠯ ᠢ ᠮᠡᠳᠡᠭᠦᠯᠵᠦ᠂ | ᠴᠢᠬᠤᠯᠠ ᠲᠠᠢ ᠦᠶ᠎ᠡ ᠳᠤ ᠬᠤᠲᠠ ᠶᠢᠨ ᠵᠢᠯᠣᠭᠤᠳᠬᠤ ᠭᠠᠵᠠᠷ ᠢ ᠭᠤᠶᠤᠴᠢᠯᠠᠨ ᠪᠠᠶᠢᠵᠤ ᠰᠡᠷᠭᠡᠶᠢᠯᠡᠨ ᠵᠠᠰᠠᠬᠤ ᠪᠠᠴᠢᠮ | ᠪᠠᠶᠢᠳᠠᠯ ᠢ ᠠᠷᠭᠠᠴᠠᠬᠤ ᠠᠵᠢᠯ ᠢ ᠬᠠᠮᠵᠢᠯᠴᠠᠨ ᠥᠷᠨᠢᠭᠦᠯᠬᠦ ᠶᠢᠨ ᠬᠠᠮᠲᠤ ᠭᠠᠮᠰᠢᠭ ᠤᠨ ᠪᠠᠶᠢᠳᠠᠯ ᠤᠨ | ᠬᠥᠭᠵᠢᠯᠲᠡ ᠶᠢᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠬᠢᠴᠠ ᠵᠡᠷᠭᠡ ᠪᠠᠶᠢᠳᠠᠯ ᠢ ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠠᠭᠠᠳᠯᠠᠨ ᠲᠣᠭᠲᠠᠭᠠᠵᠤ᠂ ᠳᠠᠭᠠᠵᠤ ᠬᠢᠬᠦ | ᠠᠮᠢᠳᠤ ᠪᠣᠳᠠᠰ ᠤᠨ ᠭᠠᠮᠰᠢᠭ ᠢ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠵᠣᠬᠢᠬᠤ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠬᠡᠷᠡᠭᠲᠡᠶ᠃ | 5.2.2 Ⅱ ᠳᠡᠰ ᠤᠨ ᠳᠠᠭᠠᠬᠤ ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤᠬᠠᠶ ᠶᠢᠨ | ᠲᠠᠯᠠᠪᠠᠶ ᠳᠤ ᠬᠦᠷᠴᠦ᠂ Ⅱ ᠲᠠᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠶ ᠭᠠᠮᠰᠢᠭ ᠢ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠲᠣᠭᠤᠷᠢᠭ ᠤᠨ ᠵᠢᠯᠣᠭᠤᠳᠬᠤ ᠭᠠᠵᠠᠷ Ⅱ ᠲᠠᠰ ᠤᠨ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠵᠦ᠂ ᠲᠣᠭᠤᠷᠢᠭ ᠤᠨ ᠵᠠᠰᠠᠭ ᠤᠨ ᠣᠷᠳᠣᠨ᠂ | ᠬᠤᠲᠠ ᠶᠢᠨ ᠵᠢᠯᠣᠭᠤᠳᠬᠤ ᠭᠠᠵᠠᠷ ᠲᠤ ᠮᠡᠳᠡᠭᠦᠯᠦᠭᠰᠡᠨ ᠤ ᠳᠠᠷᠠᠭ᠎ᠠ ᠲᠣᠰ ᠪᠡᠯᠡᠳᠬᠡᠯ ᠲᠥᠰᠦᠯ ᠤᠨ ᠶᠣᠰᠣᠭᠠᠷ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠶᠢᠨ ᠬᠠᠮᠲᠤ | ᠬᠤᠲᠠ ᠶᠢᠨ ᠵᠢᠯᠣᠭᠤᠳᠬᠤ ᠭᠠᠵᠠᠷ ᠪᠠ ᠬᠤᠲᠠ ᠶᠢᠨ ᠵᠠᠰᠠᠭ ᠤᠨ ᠣᠷᠳᠣᠨ ᠳᠤ ᠭᠠᠮᠰᠢᠭ ᠤᠨ ᠪᠠᠶᠢᠳᠠᠯ ᠢ ᠰᠡᠷᠭᠡᠶᠢᠯᠡᠨ | ᠵᠠᠰᠠᠭᠰᠠᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠴᠢᠬᠤᠯᠠ ᠲᠠᠢ ᠦᠶ᠎ᠡ ᠳᠤ ᠬᠤᠲᠠ ᠶᠢᠨ | ᠵᠢᠯᠣᠭᠤᠳᠬᠤ ᠭᠠᠵᠠᠷ ᠤᠨ ᠠᠯᠪᠠᠨ ᠭᠡᠷ ᠢ ᠭᠤᠶᠤᠴᠢᠯᠠᠵᠤ ᠭᠠᠮᠰᠢᠭᠳᠠᠭᠰᠠᠨ ᠣᠷᠣᠨ ᠢ ᠲᠤᠰᠠᠯᠠᠬᠤ ᠠᠵᠢᠯ ᠢ | ᠵᠣᠬᠢᠴᠠᠭᠤᠯᠬᠤ ᠶᠢᠨ ᠬᠠᠮᠲᠤ ᠭᠠᠮᠰᠢᠭ ᠤᠨ ᠪᠠᠶᠢᠳᠠᠯ ᠡᠭᠦᠰᠦᠭᠰᠡᠨ ᠬᠥᠭᠵᠢᠯᠲᠡ ᠶᠢᠨ ᠪᠠᠶᠢᠳᠠᠯ᠂ ᠰᠡᠷᠭᠡᠶᠢᠯᠡᠨ ᠵᠠᠰᠠᠬᠤ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠰᠡᠷᠭᠡᠶᠢᠯᠡᠨ ᠵᠠᠰᠠᠬᠤ ᠠᠬᠢᠴᠠ ᠵᠡᠷᠭᠡ ᠪᠠᠶᠢᠳᠠᠯ ᠢ ᠴᠠᠭ | ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ | 5.2.3 Ⅲ ᠲᠠᠰ ᠤᠨ ᠴᠤᠤᠷᠢᠶᠠᠳᠣᠯ ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤᠬᠠᠶ ᠶᠢᠨ | ᠲᠠᠯᠠᠪᠠᠶ ᠳᠤ ᠬᠦᠷᠴᠦ᠂ Ⅲ ᠲᠠᠰ ᠤᠨ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠶ | ᠭᠠᠮᠰᠢᠭ ᠢ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠲᠣᠭᠤᠷᠢᠭ ᠤᠨ ᠵᠢᠯᠣᠭᠤᠳᠬᠤ ᠭᠠᠵᠠᠷ ᠠᠴᠠ ᠬᠤᠲᠠ ᠶᠢᠨ | ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠡᠵᠡᠮᠳᠡᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠭᠠᠮᠰᠢᠭ ᠤᠨ ᠪᠠᠶᠢᠳᠠᠯ ᠢ ᠦᠳᠲᠡᠷ ᠲᠦᠷᠭᠡᠨ ᠡᠵᠡᠮᠳᠡᠵᠦ᠂ ᠲᠣᠭᠤᠷᠢᠭ ᠤᠨ ᠵᠢᠯᠣᠭᠤᠳᠬᠤ ᠭᠠᠵᠠᠷ | ᠪᠠ ᠲᠣᠭᠤᠷᠢᠭ ᠤᠨ ᠵᠠᠰᠠᠭ ᠤᠨ ᠣᠷᠳᠣᠨ ᠳᠤ ᠰᠡᠷᠭᠡᠶᠢᠯᠡᠨ ᠵᠠᠰᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ | ᠬᠡᠷᠡᠭᠲᠡᠶ᠃ ᠴᠢᠬᠤᠯᠠ ᠲᠠᠢ ᠦᠶ᠎ᠡ ᠳᠤ ᠲᠤᠭᠤᠷᠢᠭ ᠤᠨ ᠵᠢᠯᠣᠭᠤᠳᠬᠤ ᠭᠠᠵᠠᠷ ᠢ ᠭᠤᠶᠤᠴᠢᠯᠠᠨ ᠪᠠᠴᠢᠮ ᠪᠠᠶᠢᠳᠠᠯ ᠢ | ᠠᠷᠭᠠᠴᠠᠬᠤ ᠠᠵᠢᠯ ᠢ ᠵᠣᠬᠢᠶᠠᠨ ᠪᠠᠶᠢᠭᠤᠯᠵᠤ᠂ ᠬᠠᠮᠵᠢᠯᠴᠠᠨ ᠥᠷᠨᠢᠭᠦᠯᠦᠨ᠎ᠡ᠃ | 5.3 ᠲᠣᠬᠠᠢ ᠶᠢᠨ ᠳᠡᠯᠡᠪᠡᠢ ᠳᠤ ᠰᠢᠢᠳᠪᠦᠷᠢᠯᠡᠬᠦ ᠬᠦᠨᠳᠦ ᠶᠡᠭᠡ ᠣᠶ ᠰᠢᠭᠤᠶ ᠡᠪᠡᠰᠦ ᠪᠡᠯᠴᠢᠭᠡᠷ ᠤᠨ ᠬᠤᠤᠷ | ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠭᠠᠷᠤᠭᠰᠠᠨ ᠤ ᠳᠠᠷᠠᠭ᠎ᠠ᠂ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠬᠤ ᠶᠢᠨ ᠬᠠᠮᠲᠤ ᠲᠤᠬᠠᠶ ᠶᠢᠨ ᠲᠠᠯᠠᠪᠠᠶ ᠶᠢᠨ | ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠠᠵᠢᠯᠯᠠᠭᠠᠨ ᠤ ᠠᠵᠢᠯ ᠤᠨ ᠲᠦᠷᠢᠮ ᠢ ᠪᠠᠶᠢᠭᠤᠯᠵᠤ᠂ ᠲᠤᠭᠤᠷᠢᠭ ᠤᠨ | ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠪᠤᠶᠤ ᠵᠢᠯᠣᠭᠤᠳᠣᠯᠭ᠎ᠠ ᠳᠣᠤᠷ᠎ᠠ᠂ ᠲᠤᠬᠠᠶ ᠶᠢᠨ ᠲᠠᠯᠠᠪᠠᠶ ᠶᠢᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠴᠢᠬᠤᠯᠠᠲᠠᠶ ᠦᠶ᠎ᠡ ᠳᠤ᠂ ᠲᠤᠭᠤᠷᠢᠭ ᠤᠨ | ᠵᠢᠯᠣᠭᠤᠳᠬᠤ ᠭᠠᠵᠠᠷ ᠠᠴᠠ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠢ ᠵᠣᠬᠢᠶᠠᠨ ᠪᠠᠶᠢᠭᠤᠯᠵᠤ᠂ | ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ᠂ ᠵᠢᠯᠣᠭᠤᠳᠬᠤ ᠭᠠᠵᠠᠷ ᠤᠨ ᠤᠳᠤᠷᠢᠳᠤᠯᠭ᠎ᠠ ᠠᠴᠠ | ᠲᠤᠬᠠᠶ ᠶᠢᠨ ᠲᠠᠯᠠᠪᠠᠶ ᠶᠢᠨ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠨᠢᠭᠡᠳᠦᠯᠲᠡᠶ ᠵᠢᠯᠤᠭᠤᠳᠤᠨ᠎ᠠ | ᠃ ᠪᠠᠶᠢᠳᠠᠯ ᠢ ᠦᠵᠡᠵᠦ ᠪᠠᠶᠢᠭᠠᠳ ᠡᠳᠦᠶ ᠲᠡᠳᠦᠶ ᠠᠵᠢᠯᠯᠠᠬᠤ ᠳᠤᠭᠤᠶᠢᠯᠠᠩ ᠪᠠᠶᠢᠭᠤᠯᠵᠤ᠂ ᠠᠵᠢᠯ ᠬᠤᠪᠢᠶᠠᠷᠢᠯᠠᠨ | ᠬᠠᠮᠵᠢᠯᠴᠠᠵᠤ ᠪᠠᠶᠢᠭᠠᠳ ᠲᠤᠬᠠᠶ ᠶᠢᠨ ᠭᠠᠵᠠᠷ ᠲᠤᠨᠢ ᠰᠢᠶ᠋ᠳᠪᠦᠷᠢᠯᠡᠬᠦ ᠪᠠ ᠠᠪᠤᠷᠠᠨ ᠲᠤᠰᠠᠯᠠᠬᠤ ᠠᠵᠢᠯ ᠢ ᠡᠮᠬᠢ | ᠵᠢᠷᠤᠮ ᠲᠠᠢ ᠥᠷᠨᠢᠭᠦᠯᠦᠨ᠎ᠡ᠃ ᠠᠵᠢᠯᠯᠠᠬᠤ ᠳᠤᠭᠤᠶᠢᠯᠠᠩ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠮᠡᠵᠦ ᠬᠠᠰᠤᠬᠤ | ᠲᠣᠬᠢᠷᠠᠭᠤᠯᠤᠯᠲᠠ ᠬᠢᠵᠦ ᠪᠣᠯᠤᠨ᠎ᠠ᠃ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠄ ᠭᠠᠮᠰᠢᠭ ᠤᠨ ᠪᠠᠶᠢᠳᠠᠯ ᠤᠨ | ᠮᠡᠳᠡᠭᠡ ᠵᠠᠩᠭᠢ ᠪᠠ ᠠᠷᠢᠯᠭᠠᠨ ᠵᠠᠰᠠᠭᠰᠠᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠬᠠᠮᠲᠤ ᠴᠠᠭ ᠲᠤᠬᠠᠶ ᠳᠤᠨᠢ | ᠮᠡᠳᠡᠭᠦᠯᠦᠨ᠎ᠡ︔ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠰᠡᠷᠭᠡᠶᠢᠯᠡᠨ ᠡᠵᠡᠮᠳᠡᠬᠦ ᠬᠦᠴᠦᠨ᠂ ᠡᠳ᠋ ᠪᠣᠳᠠᠰ ᠤᠨ | ᠲᠣᠬᠢᠷᠠᠭᠤᠯᠤᠯᠲᠠ᠂ ᠴᠢᠮᠡᠭᠡ ᠬᠤᠯᠪᠣᠭ᠎ᠠ ᠠᠪᠬᠤ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠵᠡᠷᠭᠡ ᠶᠢ | ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠦᠢᠯᠡᠴᠢᠯᠡᠭᠡᠨ ᠤ ᠳᠤᠭᠤᠢᠯᠠᠩ᠄ ᠣᠢ ᠱᠢᠭᠤᠢ ᠡᠪᠡᠰᠦ ᠪᠡᠯᠴᠢᠭᠡᠷ ᠤᠨ | ᠬᠥᠨᠥᠭᠡᠯᠲᠦ ᠠᠮᠢᠳᠤ ᠪᠣᠳᠠᠰ ᠢ ᠰᠡᠷᠭᠡᠢᠯᠡᠨ ᠵᠠᠰᠠᠬᠤ ᠳᠤ ᠮᠡᠷᠭᠡᠵᠢᠯ ᠤᠨ ᠲᠥᠰᠦᠯ ᠬᠠᠩᠭᠠᠨ᠎ᠠ᠃ ᠭᠠᠮᠰᠢᠭ ᠢ | ᠰᠡᠷᠭᠡᠶᠢᠯᠡᠨ ᠵᠠᠰᠠᠬᠤ ᠳᠤᠭᠤᠶᠢᠯᠠᠩ᠄ ᠰᠡᠷᠭᠡᠶᠢᠯᠡᠨ ᠵᠠᠰᠠᠬᠤ ᠲᠤᠰᠬᠠᠶ ᠠᠩᠭᠢ ᠵᠡᠷᠭᠡ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠬᠦᠴᠦᠨ ᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠬᠥᠮᠦᠨ ᠤ ᠬᠦᠴᠦ ᠪᠠᠷ ᠰᠡᠷᠭᠡᠶᠢᠯᠡᠨ ᠵᠠᠰᠠᠬᠤ᠂ | ᠹᠢᠽᠢᠺ ᠤᠨ ᠮᠠᠰᠢᠨ ᠢᠶᠠᠷ ᠰᠡᠷᠭᠡᠶᠢᠯᠡᠨ ᠵᠠᠰᠠᠬᠤ᠂ ᠭᠠᠵᠠᠷ ᠤᠨ ᠭᠠᠳᠠᠷᠭᠤ ᠳᠤ ᠰᠡᠷᠭᠡᠶᠢᠯᠡᠨ ᠵᠠᠰᠠᠬᠤ ᠪᠤᠶᠤ | ᠨᠢᠰᠬᠡᠯ ᠢᠶᠠᠷ ᠰᠡᠷᠭᠡᠶᠢᠯᠡᠨ ᠵᠠᠰᠠᠬᠤ ᠵᠡᠷᠭᠡ ᠶᠢ ᠥᠷᠨᠢᠭᠦᠯᠦᠨ᠎ᠡ᠃ ᠡᠳ᠋ ᠪᠠᠷᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ᠄ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠭᠠᠮᠰᠢᠭ ᠢ ᠰᠢᠶ᠋ᠳᠪᠦᠷᠢᠯᠡᠬᠦ ᠳᠤ | ᠬᠡᠷᠡᠭᠰᠡᠬᠦ ᠢᠳᠡᠭᠡᠨ᠂ ᠤᠤᠭᠤᠬᠤ ᠤᠰᠤ᠂ ᠮᠠᠶᠢᠬᠠᠨ᠂ ᠡᠮ ᠡᠮ᠂ ᠡᠮ ᠤᠨ ᠰᠠᠪᠠ᠂ ᠲᠣᠰᠣᠯᠢᠭ ᠵᠦᠢᠯ᠂ ᠲᠡᠷᠭᠡ | ᠬᠥᠰᠬᠡ ᠵᠡᠷᠭᠡ ᠡᠳ᠋ ᠪᠠᠷᠠᠭ᠎ᠠ ᠶᠢᠨ ᠬᠠᠩᠭᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠮᠤᠷ ᠢ ᠬᠠᠮᠠᠭᠠᠯᠠᠬᠤ | ᠰᠡᠷᠭᠡᠶᠢᠯᠡᠯᠲᠡ ᠶᠢᠨ ᠳᠤᠭᠤᠶᠢᠯᠠᠩ᠄ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ | ᠦᠨᠳᠦᠰᠦᠯᠡᠨ᠂ ᠵᠣᠬᠢᠴᠠᠩᠭᠤᠶ ᠪᠦᠬᠦᠢ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠨ᠎ᠠ᠃ ᠡᠮ | ᠡᠮᠨᠡᠯᠭᠡ ᠶᠢᠨ ᠠᠪᠤᠷᠠᠨ ᠲᠤᠰᠠᠯᠠᠬᠤ ᠳᠤᠭᠤᠶᠢᠯᠠᠩ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢ | ᠵᠣᠬᠢᠴᠠᠭᠤᠯᠤᠨ ᠭᠠᠮᠰᠢᠭ ᠢ ᠰᠢᠶ᠋ᠳᠪᠦᠷᠢᠯᠡᠬᠦ ᠳᠤ ᠬᠡᠷᠡᠭᠰᠡᠬᠦ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠨ᠎ᠡ᠃ ᠰᠣᠨᠢᠨ ᠮᠡᠳᠡᠭᠡᠨ ᠤ ᠮᠡᠳᠡᠭᠡᠯᠡᠬᠦ ᠳᠤᠭᠤᠶᠢᠯᠠᠩ᠄ ᠤᠯᠤᠰ ᠤᠨ ᠣᠶ ᠰᠢᠭᠤᠶ ᠡᠪᠡᠰᠦ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠤᠬᠠᠭᠤᠯᠤᠨ ᠮᠡᠳᠡᠭᠡᠯᠡᠬᠦ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠴᠠᠭ ᠲᠤᠨᠢ ᠳᠣᠭᠢᠷᠠᠭᠤᠯᠤᠨ ᠬᠤᠯᠪᠣᠭᠳᠠᠯ | ᠪᠥᠬᠦᠶ ᠮᠡᠳᠡᠭᠡ ᠵᠠᠩᠭᠢ ᠶᠢ ᠨᠡᠶᠢᠲᠡᠯᠡᠵᠦ᠂ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | 5.4 ᠦᠨᠳᠦᠰᠦᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | 5.4.1 ᠬᠦᠨᠳᠦ ᠶᠡᠭᠡ ᠠᠶᠤᠯ ᠤᠨ ᠴᠢᠨᠠᠷᠲᠠᠶ ᠨᠤᠲᠤᠭ ᠪᠡᠯᠴᠢᠭᠡᠷ ᠤᠨ ᠣᠶ ᠰᠢᠭᠤᠶ ᠡᠪᠡᠰᠦ ᠪᠡᠯᠴᠢᠭᠡᠷ ᠤᠨ | ᠬᠥᠨᠥᠭᠡᠯᠲᠦ ᠠᠮᠢᠳᠤ ᠪᠣᠳᠠᠰ ᠶᠡᠭᠡ ᠬᠡᠪᠴᠢᠶᠡᠨ ᠤ ᠬᠦᠨᠳᠦ ᠶᠡᠭᠡ ᠠᠶᠤᠯ ᠤᠨ ᠴᠢᠨᠠᠷᠲᠠᠶ ᠨᠤᠲᠤᠭ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠡᠭᠦᠰᠬᠦ ᠦᠶ᠎ᠡ ᠳᠤ᠂ ᠲᠡᠭᠦᠨ ᠤ ᠡᠭᠦᠰᠬᠦ ᠵᠢᠮ᠎ᠡ ᠶᠣᠰᠣ ᠶᠢ | ᠦᠨᠳᠦᠰᠦᠯᠡᠨ᠂ ︽ᠡᠷᠲᠡ ᠵᠠᠰᠠᠬᠤ᠂ ᠪᠠᠭ᠎ᠠ ᠶᠢ ᠵᠠᠰᠠᠬᠤ︾ ᠵᠠᠷᠴᠢᠮ ᠶᠣᠰᠣᠭᠠᠷ᠂ ᠬᠢᠮᠢ᠂ ᠠᠮᠢᠳᠤ ᠪᠣᠳᠠᠰ᠂ ᠹᠢᠽᠢᠺ | ᠂ ᠬᠥᠮᠦᠨ ᠤ ᠬᠦᠴᠦ ᠵᠡᠷᠭᠡ ᠶᠡᠷᠦᠩᠬᠡᠶᠢᠯᠡᠭᠰᠡᠨ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠪᠴᠤ᠂ | ᠴᠢᠬᠤᠯᠠ ᠲᠠᠢ ᠦᠶ᠎ᠡ ᠳᠤ ᠨᠢᠰᠬᠡᠯ ᠤᠨ ᠠᠵᠢᠯ ᠢ ᠬᠡᠷᠡᠭᠵᠢᠭᠦᠯᠵᠦ᠂ ᠠᠷᠢᠯᠭᠠᠬᠤ ᠠᠵᠢᠯ ᠢ ᠡᠷᠲᠡᠬᠡᠨ ᠪᠥᠬᠦ ᠲᠠᠯ᠎ᠠ ᠪᠠᠷ | ᠥᠷᠨᠢᠭᠦᠯᠵᠦ᠂ ᠭᠠᠮᠰᠢᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠨ᠂ ᠭᠠᠮᠰᠢᠭ ᠤᠨ ᠪᠠᠶᠢᠳᠠᠯ ᠤᠨ ᠬᠦᠨᠳᠦᠷᠡᠬᠦ | ᠪᠠ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠰᠡᠷᠭᠡᠶᠢᠯᠡᠬᠦ ᠬᠡᠷᠡᠭᠲᠡᠶ᠃ 5.4.2 ᠬᠢᠵᠢᠭ ᠪᠠᠶᠢᠴᠠᠭᠠᠬᠤ ᠴᠢᠨᠠᠷᠲᠠᠢ | ᠪᠠ ᠭᠠᠳᠠᠨ᠎ᠠ ᠠᠴᠠ ᠢᠷᠡᠭᠰᠡᠨ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ | ᠬᠢᠵᠢᠭ ᠤᠨ ᠪᠠᠶᠢᠴᠠᠭᠠᠯᠲᠠ ᠶᠢᠨ ᠴᠢᠨᠠᠷᠲᠠᠶ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠪᠠ | ᠤᠯᠤᠰ ᠤᠨ ᠳᠣᠲᠣᠭᠠᠳᠤ ᠳᠤ ᠬᠠᠷᠠᠬᠠᠨ ᠲᠠᠷᠬᠠᠬᠤ ᠥᠬᠡᠶ ᠭᠠᠳᠠᠨ᠎ᠠ ᠠᠴᠠ ᠢᠷᠡᠭᠰᠡᠨ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ︽ | ᠡᠷᠲᠡ ᠵᠠᠰᠠᠬᠤ᠂ ᠪᠠᠭ᠎ᠠ ᠠᠴᠠ ᠨᠢ ᠵᠠᠰᠠᠬᠤ᠂ ᠵᠠᠰᠠᠵᠤ ᠳᠠᠭᠤᠰᠬᠠᠬᠤ︾ ᠵᠠᠷᠴᠢᠮ ᠶᠣᠰᠣᠭᠠᠷ᠂ ᠡᠷᠡᠰ ᠰᠢᠭᠤᠷᠬᠠᠶ | ᠬᠢᠵᠢᠭ ᠤᠨ ᠪᠠᠶᠢᠴᠠᠭᠠᠯᠲᠠ ᠶᠢ ᠪᠢᠲᠡᠭᠦᠮᠵᠢᠯᠡᠬᠦ᠂ ᠬᠥᠨᠥᠭᠡᠯ ᠢ ᠠᠷᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ᠂ | ᠬᠤᠷᠣᠬᠠᠶ ᠶᠢᠨ ᠡᠬᠢ ᠰᠤᠷᠪᠤᠯᠵᠢ ᠪᠤᠶᠤ ᠡᠪᠡᠳᠴᠢᠨ ᠤ ᠡᠬᠢ ᠰᠤᠷᠪᠤᠯᠵᠢ ᠶᠢ ᠲᠦᠢᠯᠪᠤᠷᠢᠲᠠᠶ ᠠᠷᠢᠯᠭᠠᠵᠤ᠂ ᠳᠠᠷᠬᠠᠨ | ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ | ︵1︶ ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠤ ᠳᠠᠷᠠᠭ᠎ᠠ᠂ ᠳ᠋ᠦᠩ ᠾᠧ ᠲᠣᠭᠤᠷᠢᠭ ᠤᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠠᠴᠠ ᠬᠢᠵᠢᠭ ᠤᠨ ᠪᠠᠶᠢᠳᠠᠯ ᠢ ᠪᠢᠲᠡᠭᠦᠮᠵᠢᠯᠡᠬᠦ ᠪᠠᠷ ᠲᠣᠭᠲᠠᠭᠠᠵᠤ᠂ ᠬᠢᠵᠢᠭᠲᠦ | ᠮᠣᠳᠣ ᠵᠢᠴᠢ ᠰᠠᠯᠠᠭ᠎ᠠ ᠮᠥᠴᠢᠷ ᠪᠠ ᠬᠢᠵᠢᠭᠲᠦ ᠴᠢᠬᠢ ᠮᠣᠳᠣ ᠵᠡᠷᠭᠡ ᠶᠢ ᠭᠠᠳᠠᠭᠰᠢ ᠭᠠᠷᠭᠠᠬᠤ ᠶᠢ ᠴᠠᠭᠠᠵᠠᠯᠠᠨ᠎ᠠ᠃ | ᠴᠢᠬᠤᠯᠠ ᠲᠠᠢ ᠦ᠊ ᠡᠶ᠎ᠡ ᠳᠤ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠦᠷ ᠴᠠᠭ ᠤᠨ ᠬᠢᠵᠢᠭ ᠪᠠᠶᠢᠴᠠᠭᠠᠬᠤ ᠥᠷᠲᠡᠭᠡ ᠪᠠᠶᠢᠭᠤᠯᠵᠤ ᠪᠣᠯᠤᠨ᠎ᠠ᠃ | ︵2︶ ᠡᠮ ᠰᠦᠷᠴᠢᠬᠦ᠂ ᠠᠯᠠᠵᠤ ᠠᠯᠠᠬᠤ ᠵᠡᠷᠭᠡ ᠠᠷᠭ᠎ᠠ ᠪᠠᠷ ᠬᠥᠨᠥᠭᠡᠯᠲᠦ ᠠᠮᠢᠳᠤ ᠪᠣᠳᠠᠰ ᠢ ᠲᠦᠯᠪᠤᠷᠢᠲᠠᠢ | ᠠᠷᠢᠯᠭᠠᠬᠤ ᠬᠡᠷᠡᠭᠲᠡᠢ᠃ ᠴᠢᠬᠤᠯᠠ ᠲᠠᠢ ᠦᠶ᠎ᠡ ᠳᠤ ᠬᠢᠵᠢᠭ ᠤᠨ ᠪᠠᠶᠢᠳᠠᠯ ᠡᠭᠦᠰᠦᠭᠰᠡᠨ ᠬᠡᠪᠴᠢᠶᠡᠨ ᠳᠣᠲᠣᠷᠠᠬᠢ ᠪᠤᠢ | ᠪᠦᠬᠦᠢ ᠮᠥᠯᠵᠢᠭᠴᠢ ᠭᠤᠤᠯ ᠤᠷᠭᠤᠮᠠᠯ ᠵᠢᠴᠢ ᠣᠶᠢᠲᠤ ᠭᠠᠵᠠᠷ ᠤᠨ ᠰᠠᠯᠠᠭ᠎ᠠ ᠨᠠᠮᠠᠭ᠎ᠠ ᠶᠢ ᠠᠷᠢᠯᠭᠠᠵᠤ᠂ ᠮᠣᠳᠣᠨ | ᠨᠠᠪᠴᠢ ᠶᠢ ᠲᠦᠢᠯᠪᠤᠷᠢᠲᠠᠶ ᠴᠡᠪᠡᠷᠯᠡᠨ ᠠᠷᠢᠯᠭᠠᠨ᠎ᠠ᠃ ᠬᠡᠷᠡᠭᠴᠡᠭᠡ ᠪᠠᠨ ᠦᠨᠳᠦᠰᠦᠯᠡᠨ ᠬᠥᠷᠥᠰᠥ ᠰᠢᠷᠣᠶ ᠶᠢ ᠪᠥᠬᠦ | ᠲᠠᠯ᠎ᠠ ᠪᠠᠷ ᠲᠦᠢᠯᠪᠤᠷᠢᠲᠠᠶ ᠠᠷᠢᠭᠤᠳᠬᠠᠨ᠎ᠠ᠃ | ︵3︶ ᠬᠢᠵᠢᠭ ᠤᠨ ᠴᠡᠭ ᠤᠨ ᠭᠠᠳᠠᠨ᠎ᠠ ᠬᠠᠷᠠᠭᠠᠯᠵᠠᠭᠰᠠᠨ ᠠᠷᠭ᠎ᠠ ᠠᠪᠴᠡᠢ᠃ ᠬᠢᠵᠢᠭᠲᠦ ᠭᠠᠵᠠᠷ ᠵᠢᠴᠢ | ᠲᠡᠭᠦᠨ ᠤ ᠡᠷᠭᠢᠨ ᠲᠣᠭᠤᠷᠢᠨ ᠤ ᠡᠷᠲᠡᠨ ᠤ ᠮᠣᠳᠣ ᠨᠡᠷᠡᠳᠦ ᠮᠣᠳᠣ ᠶᠢ ᠡᠮᠨᠡᠨ ᠵᠠᠰᠠᠬᠤ ᠪᠠ ᠬᠠᠮᠠᠭᠠᠯᠠᠬᠤ ᠬᠡᠷᠡᠭᠲᠡᠶ᠃ | 5.5 ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠬᠢᠭᠡᠳ ᠮᠡᠳᠡᠭᠡ ᠵᠠᠩᠭᠢ ᠶᠢ ᠨᠡᠶᠢᠲᠡᠯᠡᠬᠦ | 5.5.1 ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠶᠠᠮᠠᠷᠪᠠ ᠨᠢᠭᠡᠴᠢ ᠪᠠ ᠬᠤᠪᠢ ᠬᠥᠮᠦᠨ ᠣᠶ ᠰᠢᠭᠤᠶ | ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠶᠢᠳᠠᠯ ᠵᠢᠴᠢ ᠳᠠᠯᠳᠠ ᠬᠡᠮ ᠢ | ᠣᠯᠵᠤ ᠮᠡᠳᠡᠪᠡᠯ᠂ ᠲᠡᠷᠡ ᠳᠠᠷᠤᠶ ᠳᠤᠨᠢ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ ᠳᠡᠭᠡᠷ᠎ᠡ ᠨᠢᠭᠡ ᠱᠠᠲᠤᠨ ᠤ ᠣᠶ ᠰᠢᠭᠤᠶ ᠡᠪᠡᠰᠦ ᠪᠡᠯᠴᠢᠭᠡᠷ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠴᠠᠭ | ᠲᠤᠬᠠᠶ ᠳᠤᠨᠢ ᠮᠡᠳᠡᠭᠦᠯᠦᠨ᠎ᠡ ︵ᠪᠢᠴᠢᠭ ᠤᠨ ᠮᠡᠳᠡᠭᠦᠯᠦᠯᠲᠡ ᠨᠢ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠤᠨ ᠭᠠᠮᠰᠢᠭ ᠢ ᠬᠢᠨᠠᠨ ᠬᠠᠷᠭᠤᠭᠤᠯᠤᠭᠰᠠᠨ ᠤ ᠳᠠᠷᠠᠭᠠᠬᠢ 1 ᠡᠳᠦᠷ ᠤᠨ ᠳᠣᠲᠣᠷ᠎ᠠ︶᠃ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ | ᠠᠮᠢᠳᠤ ᠪᠣᠳᠠᠰ ᠤᠨ ᠭᠠᠮᠰᠢᠭ ᠲᠤ ᠬᠠᠷᠢᠶᠠᠯᠠᠭᠳᠠᠬᠤ ᠪᠣᠯᠤᠯᠴᠠᠭ᠎ᠠ ᠲᠠᠢ᠂ 2 ᠡᠳᠦᠷ ᠤᠨ ᠳᠣᠲᠣᠷ᠎ᠠ ᠣᠷᠣᠨ ᠤ | ᠵᠢᠯᠣᠭᠤᠳᠬᠤ ᠭᠠᠵᠠᠷ ᠤᠨ ᠠᠯᠪᠠᠨ ᠬᠡᠷ᠂ ᠣᠷᠣᠨ ᠤ ᠵᠠᠰᠠᠭ ᠤᠨ ᠣᠷᠳᠣᠨ ᠪᠠ ᠬᠤᠲᠠ ᠶᠢᠨ ᠣᠶ ᠰᠢᠭᠤᠶ ᠡᠪᠡᠰᠦ | ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠪᠠᠴᠢᠮ ᠮᠡᠳᠡᠭᠡ ᠵᠠᠩᠭᠢ ᠶᠢ ᠰᠢᠢᠳᠪᠦᠷᠢᠯᠡᠬᠦ ᠶᠢᠨ ᠳᠠᠭᠠᠤ | ᠬᠢᠨᠠᠨ ᠬᠠᠷᠭᠤᠭᠤᠯᠵᠤ᠂ ᠮᠡᠳᠡᠭᠦᠯᠵᠦ᠂ ᠬᠠᠮᠤᠭ ᠤᠨ ᠰᠢᠨ᠎ᠡ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢ ᠴᠠᠭ | ᠲᠤᠬᠠᠢ ᠳᠤᠨᠢ ᠦᠷᠭᠦᠯᠵᠢᠯᠡᠨ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠶᠢᠨ ᠠᠭᠤᠯᠭ᠎ᠠ ᠳᠤ᠄ ᠮᠡᠳᠡᠭᠡ ᠵᠠᠩᠭᠢ ᠶᠢᠨ | ᠢᠷᠡᠯᠲᠡ᠂ ᠬᠤᠣᠷ ᠬᠥᠨᠥᠭᠡᠯ ᠲᠠᠢ ᠣᠷᠣᠨ ᠪᠦᠰᠡ᠂ ᠬᠢᠷᠢ ᠬᠡᠮᠵᠢᠶ᠎ᠡ᠂ ᠡᠭᠦᠰᠦᠭᠰᠡᠨ ᠰᠢᠨᠵᠢ ᠴᠢᠨᠠᠷ ᠤᠨ ᠠᠩᠬ᠎ᠠ | ᠠᠯᠬᠤᠮ ᠤᠨ ᠮᠠᠭᠠᠳᠯᠠᠨ ᠲᠣᠭᠲᠠᠭᠠᠯᠲᠠ᠂ ᠠᠪᠬᠤ ᠪᠠᠷ ᠪᠠᠶᠢᠭ᠎ᠠ ᠠᠷᠭ᠎ᠠ ᠬᠡᠮᠵᠢᠶ᠎ᠡ ᠵᠢᠴᠢ ᠮᠡᠳᠡᠭᠦᠯᠦᠭᠰᠡᠨ | ᠨᠢᠭᠡᠴᠡ ᠶᠢᠨ ᠬᠠᠷᠢᠭᠤᠴᠠᠯᠭᠠᠲᠠᠨ᠂ ᠮᠡᠳᠡᠭᠦᠯᠦᠭᠰᠡᠨ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠭᠲᠠᠨ᠎ᠠ᠃ | ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ | ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠪᠠᠶᠢᠭᠤᠯᠵᠤ᠂ | ᠬᠠᠷᠢᠯᠴᠠᠬᠤ ᠤᠲᠠᠰᠤ ᠪᠠ ᠡᠯᠧᠺᠳ᠋ᠷᠣᠨ ᠰᠢᠤᠳᠠᠨ ᠤ ᠬᠠᠶᠢᠷᠴᠠᠭ ᠢ ᠪᠠᠶᠢᠭᠤᠯᠬᠤ ᠶᠢᠨ ᠬᠠᠮᠲᠤ ᠨᠡᠶᠢᠲᠡᠯᠡᠬᠦ ᠬᠡᠷᠡᠭᠲᠡᠶ᠃ | Ⅱ᠂ Ⅲ ᠲᠠᠰ ᠤᠨ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ | ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ 7 ᠡᠳᠦᠷ ᠤᠨ ᠳᠣᠲᠣᠷ᠎ᠠ ᠨᠤᠲᠠᠯᠠᠬᠤ ᠶᠢᠨ ᠬᠠᠮᠲᠤ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠪᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | Ⅰ ᠲᠠᠰ ᠤᠨ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠬᠤᠲᠠ ᠶᠢᠨ | ᠵᠢᠯᠣᠭᠤᠳᠬᠤ ᠭᠠᠵᠠᠷ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠭᠠᠵᠠᠷ ᠤᠨ ᠠᠯᠪᠠᠨ ᠬᠡᠷ ᠲᠤ ᠮᠡᠳᠡᠭᠦᠯᠵᠦ 10 ᠡᠳᠦᠷ ᠤᠨ ᠳᠣᠲᠣᠷ᠎ᠠ ᠨᠤᠲᠠᠯᠠᠨ ᠲᠣᠭᠲᠠᠭᠠᠨ᠎ᠠ᠃ | 5.5.2 ᠮᠡᠳᠡᠭᠡ ᠵᠠᠩᠭᠢ ᠶᠢᠨ ᠨᠡᠶᠢᠲᠡᠯᠡᠯ ᠣᠷᠣᠨ ᠤ ᠵᠢᠯᠣᠭᠤᠳᠬᠤ ᠭᠠᠵᠠᠷ ᠠᠴᠠ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠶ ᠭᠠᠮᠰᠢᠭ ᠪᠣᠯᠭᠠᠨ ᠲᠣᠭᠲᠠᠭᠠᠬᠤ ᠪᠠᠷ ᠳᠡᠮᠵᠢᠨ᠂ | ᠣᠷᠣᠨ ᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ 5 ᠡᠳᠦᠷ ᠤᠨ ᠳᠣᠲᠣᠷ᠎ᠠ ᠬᠥᠷᠰᠢ ᠵᠡᠷᠭᠡᠯᠡᠳᠡᠭᠡ ᠠᠶᠢᠮᠠᠭ | ᠣᠷᠣᠨ ᠤ ᠣᠶ ᠰᠢᠭᠤᠶ ᠡᠪᠡᠰᠦ ᠪᠡᠯᠴᠢᠭᠡᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠯᠪᠣᠭᠳᠠᠯ ᠪᠥᠬᠦᠶ | ᠪᠠᠶᠢᠳᠠᠯ ᠢ ᠮᠡᠳᠡᠭᠳᠡᠨ᠎ᠡ᠃ ᠬᠥᠷᠰᠢ ᠵᠡᠷᠭᠡᠯᠡᠳᠡᠭᠡ ᠠᠶᠢᠮᠠᠭ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠬᠦᠨᠳᠦ | ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠭᠠᠷᠤᠭᠰᠠᠨ ᠪᠠᠶᠢᠳᠠᠯ ᠢ ᠨᠡᠪᠳᠡᠷᠡᠭᠦᠯᠦᠭᠰᠡᠨ ᠤ ᠳᠠᠷᠠᠭ᠎ᠠ᠂ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠬᠤᠯᠪᠣᠭᠳᠠᠯ ᠪᠥᠬᠦᠶ ᠪᠠᠶᠢᠳᠠᠯ ᠢᠶᠠᠨ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠳᠡᠵᠦ᠂ | ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠡᠭᠦᠰᠬᠦ ᠬᠠᠨᠳᠤᠰᠢ ᠶᠢ ᠨᠢᠭᠲᠠ | ᠠᠩᠬᠠᠷᠬᠤ ᠶᠢᠨ ᠬᠠᠮᠲᠤ ᠬᠢᠨᠠᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠲᠡᠶ᠃ ᠲᠣᠭᠤᠷᠢᠭ ᠤᠨ ᠵᠢᠯᠣᠭᠤᠳᠬᠤ | ᠭᠠᠵᠠᠷ ᠨᠢ ᠬᠡᠷᠡᠭᠴᠡᠭᠡ ᠪᠠᠨ ᠦᠨᠳᠦᠰᠦᠯᠡᠨ᠂ ᠳ᠋ᠦᠩ ᠾᠧ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠠᠴᠠ | ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ | ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠡᠭᠦᠰᠦᠭᠰᠡᠨ ᠮᠡᠳᠡᠭᠡ ᠵᠠᠩᠭᠢ ᠶᠢ ᠣᠨᠣᠪᠴᠢᠲᠠᠶ ᠪᠥᠭᠡᠳ ᠪᠤᠰᠤᠳᠴᠢ ᠪᠠᠷ ᠨᠡᠶᠢᠲᠡᠯᠡᠨ᠎ᠡ᠃ | 5.5.3 ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠬᠡᠷᠡᠭ ᠭᠠᠷᠤᠭᠰᠠᠨ ᠤ ᠳᠠᠷᠠᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠢᠷᠡᠯᠲᠡ ᠪᠠ ᠠᠭᠤᠯᠭ᠎ᠠ ᠶᠢ | ᠳᠠᠷᠦ᠋ᠢᠬᠠᠨ ᠰᠤᠳᠤᠯᠤᠨ ᠮᠠᠭᠠᠳᠯᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠠᠰ᠂ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠲᠥᠷᠥᠯ ᠢᠯᠭᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠥᠭᠵᠢᠯᠲᠡ ᠶᠢᠨ ᠱᠠᠲᠤ ᠦᠶ᠎ᠡ ᠵᠡᠷᠭᠡ ᠶᠢ | ᠡᠵᠡᠮᠳᠡᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠰᠬᠠᠭᠰᠠᠨ ᠣᠯᠠᠨ ᠲᠦᠮᠡᠨ ᠤ ᠦᠨᠡᠨ ᠪᠣᠳᠠᠲᠠᠶ ᠪᠣᠳᠣᠯ᠂ | ᠪᠠᠴᠢᠮ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠶᠢ ᠣᠶᠢᠯᠠᠭᠠᠵᠤ᠂ ᠰᠦᠯᠵᠢᠶᠡᠨ ᠤ ᠰᠢᠨ᠎ᠡ ᠵᠠᠭᠤᠴᠢᠯᠠᠭᠤᠷ᠂ | ᠰᠣᠨᠢᠨ ᠮᠡᠳᠡᠭᠡ ᠨᠡᠶᠢᠲᠡᠯᠡᠬᠦ ᠬᠤᠷᠠᠯ᠂ ᠣᠯᠠᠨ ᠲᠦᠮᠡᠨ ᠤ ᠠᠩᠬᠠᠷᠴᠤ ᠪᠠᠶᠢᠭ᠎ᠠ ᠲᠤᠰᠬᠠᠶ ᠠᠷᠭ᠎ᠠ ᠵᠠᠮ ᠢ ᠨᠡᠪᠲᠡᠷᠡᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ | ᠥᠭᠴᠦ᠂ ᠣᠯᠠᠨ ᠨᠡᠶᠢᠲᠡ ᠳᠤ ᠪᠠᠶᠢᠳᠠᠯ ᠢ ᠣᠶᠢᠯᠠᠭᠠᠭᠤᠯᠵᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠳᠤ | ᠣᠷᠣᠯᠴᠠᠭᠤᠯᠵᠤ᠂ ᠡᠵᠡᠮᠰᠢᠭᠰᠡᠨ ᠪᠣᠳᠠᠲᠤ ᠬᠡᠷᠡᠭ ᠪᠠ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ | ᠨᠡᠶᠢᠭᠡᠮ ᠳᠤ ᠨᠡᠶᠢᠲᠡᠯᠡᠵᠦ᠂ ᠰᠣᠨᠢᠨ ᠮᠡᠳᠡᠭᠡ ᠪᠠ ᠮᠡᠳᠡᠭᠡ ᠵᠠᠩᠭᠢ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠨ᠂ | ᠬᠤᠳᠠᠯ ᠬᠠᠭᠤᠷᠮᠠᠭ ᠮᠡᠳᠡᠭᠡ ᠵᠠᠩᠭᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | 5.6 ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠪᠠ ᠣᠶ ᠰᠢᠭᠤᠶ ᠡᠪᠡᠰᠦ ᠪᠡᠯᠴᠢᠭᠡᠷ ᠤᠨ ᠠᠮᠢᠳᠤ | ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠠᠭᠤᠰᠤᠭᠰᠠᠨ ᠤ ᠳᠠᠷᠠᠭ᠎ᠠ᠂ ᠣᠷᠣᠨ ᠤ ᠵᠢᠯᠣᠭᠤᠳᠬᠤ | ᠭᠠᠵᠠᠷ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠭᠠᠮᠰᠢᠭ ᠢ ᠰᠢᠢᠳᠪᠦᠷᠢᠯᠡᠭᠰᠡᠨ | ᠦᠷ᠎ᠡ ᠪᠦᠲᠦᠮᠵᠢ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠬᠡᠷᠡᠭᠲᠡᠶ᠃ ᠬᠢᠨᠠᠨ ᠬᠡᠮᠵᠢᠬᠦ᠂ ᠪᠠᠶᠢᠴᠠᠭᠠᠬᠤ᠂ | ᠦᠨᠡᠯᠡᠨ ᠵᠢᠱᠢᠬᠦ ᠪᠠᠷ ᠳᠠᠮᠵᠢᠭᠠᠳ ᠬᠤᠣᠷ ᠦᠭᠡᠶᠢ ᠲᠠᠢ ᠪᠠᠷᠢᠮᠵᠢᠶ᠎ᠠ ᠳᠤ ᠬᠦᠷᠴᠦ᠂ ᠭᠠᠮᠰᠢᠭ ᠤᠨ ᠪᠠᠶᠢᠳᠠᠯ ᠢ | ᠨᠢᠭᠡᠨᠲᠡ ᠪᠦᠲᠦᠮᠵᠢᠲᠡᠶ ᠡᠵᠡᠮᠳᠡᠬᠦ ᠶᠢ ᠨᠤᠲᠠᠯᠠᠭᠰᠠᠨ ᠤ ᠳᠠᠷᠠᠭ᠎ᠠ᠂ ᠲᠣᠭᠤᠷᠢᠭ ᠤᠨ ᠵᠢᠯᠣᠭᠤᠳᠬᠤ ᠭᠠᠵᠠᠷ ᠠᠴᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ | ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤᠨᠢ ᠰᠣᠨᠢᠨ ᠮᠡᠳᠡᠭᠡᠨ ᠤ ᠵᠠᠭᠤᠴᠢᠯᠠᠭᠤᠷ ᠢᠶᠠᠷ | ᠳᠠᠮᠵᠢᠭᠤᠯᠤᠨ ᠪᠠᠴᠢᠮ ᠪᠠᠶᠢᠳᠠᠯ ᠢ ᠠᠷᠭᠠᠴᠠᠵᠤ ᠳᠠᠭᠤᠰᠤᠭᠰᠠᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠨ᠎ᠡ᠃ | 6. ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ | 6.1 ᠭᠠᠶ ᠭᠠᠮᠰᠢᠭ ᠤᠨ ᠦᠨᠡᠯᠡᠯᠲᠡ ᠬᠦᠨᠳᠦ ᠶᠡᠭᠡ᠂ ᠨᠡᠯᠢᠶᠡᠳ ᠶᠡᠭᠡ ᠪᠠ ᠡᠩ ᠤᠨ ᠣᠶ ᠰᠢᠭᠤᠶ ᠨᠤᠲᠤᠭ | ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠲᠣᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠴᠠᠭ | ᠲᠤᠬᠠᠶ ᠳᠤᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠪᠠᠶᠢᠭᠠᠳ ᠡᠭᠦᠰᠦᠭᠰᠡᠨ ᠰᠢᠯᠲᠠᠭᠠᠨ᠂ | ᠭᠠᠮᠰᠢᠭᠳᠠᠭᠰᠠᠨ ᠣᠶ ᠰᠢᠭᠤᠶ ᠨᠤᠲᠤᠭ ᠪᠡᠯᠴᠢᠭᠡᠷ ᠤᠨ ᠲᠠᠯᠠᠪᠠᠶ ᠪᠠ ᠠᠵᠤ ᠠᠬᠤᠶ ᠶᠢᠨ ᠬᠤᠬᠢᠷᠠᠯ ᠵᠡᠷᠭᠡ | ᠪᠠᠶᠢᠳᠠᠯ ᠳᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠣᠷᠣᠨ ᠤ ᠵᠠᠰᠠᠭ ᠤᠨ ᠣᠷᠳᠣᠨ ᠳᠤ ᠦᠨᠡᠯᠡᠨ | ᠵᠢᠱᠢᠭᠰᠡᠨ ᠮᠡᠳᠡᠭᠦᠯᠦᠯᠲᠡ ᠳᠡᠪᠰᠢᠭᠦᠯᠦᠨ᠎ᠡ᠃ | 6.2 ᠰᠡᠷᠬᠦᠭᠡᠨ ᠳᠠᠬᠢᠵᠤ ᠪᠦᠳᠦᠭᠡᠨ ᠪᠠᠶᠢᠭᠤᠯᠬᠤ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ | ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ | ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠳᠠᠷᠤᠶ ᠲᠦᠷᠭᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠰᠡᠷᠭᠦᠭᠡᠵᠦ ᠳᠠᠬᠢᠨ ᠪᠠᠶᠢᠭᠤᠯᠬᠤ ᠲᠥᠯᠥᠪᠯᠡᠭᠡ ᠲᠣᠭᠲᠠᠭᠠᠵᠤ᠂ ᠭᠠᠮᠰᠢᠭ ᠤᠨ ᠳᠠᠷᠠᠭ᠎ᠠ | ᠨᠥᠬᠦᠪᠥᠷᠢᠯᠡᠬᠦ ᠪᠠ ᠦᠶ᠋ᠯᠡᠳᠪᠦᠷᠢᠯᠡᠯ ᠢ ᠰᠡᠷᠭᠦᠭᠡᠬᠦ ᠠᠵᠢᠯ ᠢ ᠥᠷᠨᠢᠭᠦᠯᠬᠦ ᠬᠡᠷᠡᠭᠲᠡᠶ᠃ | 6.3 ᠵᠠᠳᠠᠯᠤᠯᠲᠠ ᠶᠢᠨ ᠳ᠋ᠦᠩᠨᠡᠯᠲᠡ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠴᠠᠭ | ᠲᠤᠬᠠᠶ ᠳᠤᠨᠢ ᠰᠡᠷᠭᠡᠶᠢᠯᠡᠨ ᠵᠠᠰᠠᠬᠤ ᠠᠵᠢᠯ ᠤᠨ ᠳ᠋ᠦᠩᠨᠡᠯᠲᠡ ᠬᠢᠵᠦ᠂ ᠣᠶ ᠰᠢᠭᠤᠶ ᠡᠪᠡᠰᠦ ᠪᠡᠯᠴᠢᠭᠡᠷ ᠤᠨ ᠠᠮᠢᠳᠤ | ᠪᠣᠳᠠᠰ ᠤᠨ ᠭᠠᠮᠰᠢᠭ ᠡᠭᠦᠰᠦᠭᠰᠡᠨ ᠰᠢᠯᠲᠠᠭᠠᠨ ᠪᠠ ᠰᠢᠩᠭᠡᠭᠡᠨ ᠠᠪᠬᠤ ᠲᠤᠷᠰᠢᠯᠭ᠎ᠠ ᠰᠤᠷᠭᠠᠮᠵᠢ ᠶᠢ | ᠭᠤᠤᠯᠳᠠᠯᠭ᠎ᠠ ᠲᠠᠢ ᠵᠠᠳᠠᠯᠵᠤ᠂ ᠰᠠᠶᠢᠵᠢᠷᠠᠭᠤᠯᠬᠤ ᠰᠠᠨᠠᠯ ᠪᠠ ᠠᠷᠭ᠎ᠠ ᠬᠡᠮᠵᠢᠶ᠎ᠡ ᠪᠠᠨ ᠳᠤᠷᠠᠳᠬᠤ ᠶᠢᠨ ᠬᠠᠮᠲᠤ | ᠲᠤᠭᠤᠷᠢᠭ ᠤᠨ ᠵᠠᠰᠠᠭ ᠤᠨ ᠣᠷᠳᠣᠨ ᠪᠠ ᠲᠤᠭᠤᠷᠢᠭ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠵᠦ᠂ | ᠠᠵᠢᠯ ᠤᠨ ᠳ᠋ᠦᠩᠨᠡᠯᠲᠡ ᠶᠢ ᠲᠤᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠵᠢᠯᠣᠭᠤᠳᠬᠤ ᠭᠠᠵᠠᠷ ᠤᠨ | ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ᠃ | 7. ᠪᠠᠲᠤᠯᠠᠬᠤ ᠠᠷᠭ᠎ᠠ ᠬᠡᠮᠵᠢᠶ᠎ᠡ | 7.1 ᠡᠳ᠋ ᠪᠠᠷᠠᠭ᠎ᠠ ᠶᠢᠨ ᠪᠠᠲᠤᠯᠠᠭ᠎ᠠ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠨᠢ ᠣᠶ ᠰᠢᠭᠤᠶ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠡᠳ᠋ | ᠪᠣᠳᠠᠰ ᠤᠨ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠡᠳ᠋ | ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠰᠡᠷᠭᠡᠶᠢᠯᠡᠨ ᠵᠠᠰᠠᠬᠤ ᠪᠠᠭᠠᠵᠢ ᠬᠡᠷᠡᠭᠰᠡᠯ᠂ ᠡᠮ ᠤᠨ ᠵᠦᠢᠯ ᠪᠠ | ᠰᠡᠷᠭᠡᠶᠢᠯᠡᠨ ᠬᠠᠮᠠᠭᠠᠯᠠᠬᠤ ᠬᠡᠷᠡᠭᠰᠡᠯ ᠵᠡᠷᠭᠡ ᠭᠦᠢᠴᠡᠳ ᠬᠡᠮᠵᠢᠶᠡᠨ ᠤ ᠡᠳ᠋ ᠪᠣᠳᠠᠰ ᠢ ᠨᠥᠭᠡᠴᠡᠯᠡᠬᠦ ᠬᠡᠷᠡᠭᠲᠡᠶ᠃ ᠪᠠᠴᠢᠮ | ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠳ᠋ ᠪᠠᠷᠠᠭ᠎ᠠ ᠶᠢ ᠨᠥᠭᠡᠴᠡᠯᠡᠬᠦ ᠳᠤ ᠨᠥᠭᠡᠴᠡᠯᠡᠬᠦ ᠲᠥᠷᠥᠯ ᠵᠦᠢᠯ᠂ | ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ ᠪᠣᠯᠤᠨ ᠬᠠᠳᠠᠭᠠᠯᠠᠬᠤ ᠣᠷᠣᠨ ᠪᠠᠶᠢᠷᠢ ᠵᠡᠷᠭᠡ ᠶᠢ ᠲᠣᠳᠣᠷᠬᠠᠶᠢᠯᠠᠬᠤ ᠶᠢᠨ | ᠬᠠᠮᠲᠤ ᠬᠠᠮᠠᠭᠠᠯᠠᠬᠤ᠂ ᠠᠷᠠᠴᠢᠯᠠᠬᠤ᠂ ᠰᠢᠯᠵᠢᠭᠦᠯᠦᠨ ᠬᠡᠷᠡᠭᠯᠡᠬᠦ᠂ ᠨᠥᠬᠦᠪᠥᠷᠢᠯᠡᠬᠦ ᠵᠡᠷᠭᠡ ᠵᠣᠬᠢᠴᠠᠩᠭᠤᠶ ᠪᠦᠬᠦᠢ | ᠳᠦᠷᠢᠮ ᠢ ᠪᠠᠶᠢᠭᠤᠯᠬᠤ ᠬᠡᠷᠡᠭᠲᠡᠶ᠃ | 7.2 ᠪᠡᠯᠡ ᠮᠦᠡᠭᠬᠦ ᠶᠢᠨ ᠪᠠᠳᠣᠯᠠᠭ᠎ᠠ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠶ | ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠰᠡᠷᠭᠡᠶᠢᠯᠡᠨ ᠡᠵᠡᠮᠳᠡᠬᠦ ᠨᠥᠭᠡᠴᠡ ᠮᠥᠩᠭᠦ ᠶᠢᠨ ᠲᠦᠷᠢᠮ ᠢ ᠪᠠᠶᠢᠭᠤᠯᠵᠤ᠂ ᠣᠶ ᠰᠢᠭᠤᠶ ᠡᠪᠡᠰᠦ | ᠪᠡᠯᠴᠢᠭᠡᠷ ᠤᠨ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠳᠤ ᠬᠡᠷᠡᠭᠰᠡᠬᠦ ᠠᠵᠢᠯ ᠤᠨ | ᠵᠠᠷᠤᠳᠠᠯ ᠪᠠ ᠪᠠᠴᠢᠮ ᠪᠠᠶᠢᠳᠠᠯ ᠢ ᠠᠷᠭᠠᠴᠠᠬᠤ ᠨᠥᠭᠡᠴᠡ ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠬᠤ ᠶᠢᠨ ᠬᠠᠮᠲᠤ᠂ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳ᠋ᠦᠩ | ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠣᠶ ᠰᠢᠭᠤᠶ ᠡᠪᠡᠰᠦ ᠪᠡᠯᠴᠢᠭᠡᠷ ᠤᠨ | ᠭᠠᠮᠰᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠎ᠠ᠃ | 7.3 ᠮᠡᠷᠭᠡᠵᠢᠯ ᠤᠨ ᠪᠠᠳᠣᠯᠠᠭ᠎ᠠ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠣᠶ ᠰᠢᠭᠤᠶ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠪᠠ ᠡᠭᠦᠰᠬᠦ ᠬᠠᠨᠳᠤᠰᠢ ᠶᠢ | ᠴᠠᠭ ᠲᠤᠬᠠᠶ ᠳᠤᠨᠢ ᠡᠵᠡᠮᠰᠢᠵᠦ᠂ ᠣᠶ ᠰᠢᠭᠤᠶ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠬᠢᠨᠠᠨ | ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ︔ ᠣᠶ ᠰᠢᠭᠤᠶ ᠡᠪᠡᠰᠦ ᠪᠡᠯᠴᠢᠭᠡᠷ ᠤᠨ ᠠᠮᠢᠳᠤ | ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠮᠡᠷᠭᠡᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ᠣᠶ | ᠰᠢᠭᠤᠶ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯᠲᠠᠨ ᠤ ᠲᠤᠬᠠᠶᠢᠯᠠᠭᠰᠠᠨ | ᠠᠵᠢᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠣᠶ ᠰᠢᠭᠤᠶ ᠡᠪᠡᠰᠦ ᠪᠡᠯᠴᠢᠭᠡᠷ ᠤᠨ | ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ | ᠵᠠᠰᠠᠬᠤ ᠪᠠ ᠦᠷᠭᠦᠯᠵᠢᠯᠡᠨ ᠡᠵᠡᠮᠳᠡᠬᠦ ᠮᠡᠷᠭᠡᠵᠢᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠲᠤᠰᠬᠠᠶ | ᠮᠡᠷᠭᠡᠵᠢᠯᠲᠡᠨ ᠢ ᠤᠷᠢᠵᠤ ᠣᠶ ᠰᠢᠭᠤᠶ ᠡᠪᠡᠰᠦ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠳᠤ ᠲᠥᠷᠥ ᠶᠢᠨ ᠪᠣᠳᠣᠯᠭ᠎ᠠ᠂ ᠮᠡᠷᠭᠡᠵᠢᠯ ᠤᠨ ᠵᠥᠪᠯᠡᠯᠭᠡ ᠪᠠ ᠰᠠᠨᠠᠭᠤᠯᠭ᠎ᠠ ᠬᠠᠩᠭᠠᠵᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠦᠨᠳᠦᠰᠦᠯᠡᠯ ᠬᠠᠩᠭᠠᠬᠤ ᠬᠡᠷᠡᠭᠲᠡᠶ᠃ | 7.4 ᠡᠩᠨᠡᠭᠡ ᠶᠢᠨ ᠪᠠᠶᠢᠭᠤᠯᠥᠯᠳᠡ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠣᠶ | ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯᠲᠠᠨ ᠪᠠ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠂ ᠣᠶ ᠰᠢᠭᠤᠶ ᠡᠪᠡᠰᠦ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠡᠨᠡᠳᠲᠡ ᠶᠢᠨ ᠭᠠᠮᠰᠢᠭ ᠢ ᠠᠷᠭᠠᠴᠠᠭᠠᠵᠤ ᠳᠡᠶᠢᠯᠬᠦ ᠥᠨᠳᠥᠷ ᠬᠡᠪ | ᠪᠣᠯᠪᠠᠰᠤᠷᠠᠯ ᠲᠠᠢ ᠬᠠᠮᠢᠶᠠᠷᠤᠯᠲᠠ ᠪᠠ ᠲᠤᠰᠬᠠᠶ ᠮᠡᠷᠭᠡᠵᠢᠯ ᠤᠨ ᠡᠩᠨᠡᠭᠡ ᠶᠢ ᠪᠠᠶᠢᠭᠤᠯᠵᠤ᠂ ᠲᠤᠭᠤᠷᠢᠭ ᠤᠨ | ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠪᠦᠲᠦᠮᠵᠢᠲᠡᠶ ᠲᠤᠭᠤᠰᠢᠯᠠᠭᠤᠯᠬᠤ ᠶᠢᠨ ᠬᠠᠮᠲᠤ ᠬᠤᠯᠪᠣᠭᠳᠠᠯ ᠪᠥᠬᠦᠶ | ᠲᠣᠭᠲᠠᠭᠠᠯ ᠪᠠ ᠮᠡᠷᠭᠡᠵᠢᠯ ᠤᠨ ᠲᠦᠷᠢᠮ ᠲᠣᠭᠲᠠᠭᠠᠯ ᠶᠣᠰᠣᠭᠠᠷ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ | 7.5 ᠬᠤᠯᠪᠤᠭᠠᠨ ᠤ ᠪᠠᠲᠤᠯᠠᠭ᠎ᠠ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠦᠬᠦ᠋ᠢᠯᠡ ᠶᠠᠪᠤᠴᠠ ᠳᠤ᠂ ᠡᠷᠬᠡᠪᠰᠢ ᠴᠢᠮᠡᠭᠡ | ᠬᠤᠯᠪᠣᠭ᠎ᠠ ᠠᠪᠬᠤ ᠵᠢᠴᠢ ᠬᠤᠯᠪᠣᠭᠳᠠᠯ ᠪᠥᠬᠦᠶ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠰᠠᠭᠠᠳ ᠥᠬᠡᠶ | ᠨᠡᠪᠲᠡᠷᠡᠬᠦ ᠶᠢ ᠪᠠᠲᠤᠯᠠᠵᠤ᠂ ᠭᠤᠤᠯ ᠬᠤᠯᠪᠣᠭ᠎ᠠ ᠠᠪᠬᠤ ᠪᠠ ᠮᠡᠳᠡᠭᠡ ᠵᠠᠩᠭᠢ ᠶᠢᠨ ᠰᠢᠰᠲ᠋ᠧᠮ ᠤᠨ ᠬᠠᠮᠠᠭᠠᠯᠠᠬᠤ | ᠠᠵᠢᠯᠲᠠᠨ᠂ ᠲᠤᠰᠬᠠᠶ ᠬᠡᠷᠡᠭᠯᠡᠬᠦ ᠤᠲᠠᠰᠤ ᠪᠠ ᠪᠡᠯᠡᠳᠬᠡᠯ ᠳ᠋ᠢᠶᠠᠩᠬᠤᠸᠠ ᠪᠠᠨ ᠲᠣᠳᠣᠷᠬᠠᠶᠢᠯᠠᠬᠤ ᠬᠡᠷᠡᠭᠲᠡᠶ᠃ ᠪᠠᠴᠢᠮ | ᠪᠠᠶᠢᠳᠠᠯ ᠢ ᠠᠷᠭᠠᠴᠠᠬᠤ ᠬᠤᠭᠤᠴᠠᠭᠠᠨ ᠳᠤ ᠡᠯ᠎ᠡ ᠱᠠᠲᠤᠨ ᠤ ᠤᠳᠤᠷᠢᠳᠤᠯᠭ᠎ᠠ ᠬᠢᠭᠡᠳ ᠵᠢᠯᠣᠭᠤᠳᠬᠤ | ᠪᠠᠶᠢᠭᠤᠯᠤᠮᠵᠢ ᠶᠢᠨ ᠬᠤᠭᠤᠷᠣᠨᠳᠣᠬᠢ ᠴᠢᠮᠡᠭᠡ ᠨᠡᠪᠲᠡᠷᠡᠯᠭᠡ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ | ᠬᠡᠷᠡᠭᠲᠡᠶ᠃ | 7.6 ᠠᠮᠥᠷ ᠳᠥᠪᠰᠢᠨ ᠤ ᠰᠡᠷᠭᠡᠶᠢᠯᠡᠨ ᠬᠠᠮᠠᠭᠠᠯᠠᠯᠳᠡ ᠣᠶ ᠰᠢᠭᠤᠶ ᠡᠪᠡᠰᠦ ᠪᠡᠯᠴᠢᠭᠡᠷ ᠤᠨ ᠬᠦᠨᠳᠦ ᠶᠡᠭᠡ | ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠳᠡᠭᠡᠨ᠂ ᠡᠷᠬᠡᠪᠰᠢ ᠣᠷᠴᠢᠨ ᠲᠣᠭᠤᠷᠢᠨ ᠢ | ᠬᠠᠮᠠᠭᠠᠯᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠪᠣᠶ ᠪᠣᠯᠭᠠᠵᠤ᠂ ᠠᠯᠢ | ᠴᠢᠳᠠᠬᠤ ᠪᠠᠷ ᠨᠡᠶᠢᠲᠡ ᠶᠢᠨ ᠬᠤᠤᠷ ᠦᠭᠡᠢ ᠡᠮ ᠢ ᠬᠡᠷᠡᠭᠯᠡᠬᠦ ᠬᠡᠷᠡᠭᠲᠡᠶ᠃ ᠰᠡᠷᠭᠡᠶᠢᠯᠡᠨ ᠵᠠᠰᠠᠬᠤ ᠠᠵᠢᠯᠲᠠᠳ ᠬᠢᠮᠢ ᠶᠢᠨ | ᠲᠠᠷᠢᠶᠠᠨ ᠡᠮ ᠪᠠ ᠰᠢᠲᠠᠭᠠᠯᠭ᠎ᠠ ᠶᠢᠨ ᠲᠣᠰᠣ ᠶᠢ ᠰᠡᠷᠭᠡᠶᠢᠯᠡᠨ ᠵᠠᠰᠠᠬᠤ ᠪᠠᠭᠠᠵᠢ ᠬᠡᠷᠡᠭᠰᠡᠯ ᠢ ᠠᠵᠢᠯᠯᠠᠭᠤᠯᠬᠤ ᠦᠶᠡᠰ᠂ | ᠡᠷᠬᠡᠪᠰᠢ ᠠᠮᠤᠷ ᠲᠦᠪᠰᠢᠨ ᠤ ᠬᠠᠮᠠᠭᠠᠯᠠᠯᠲᠠ ᠶᠢᠨ ᠬᠤᠪᠴᠠᠰᠤ ᠡᠮᠦᠰᠬᠦ ᠬᠡᠷᠡᠭᠲᠡᠶ ᠪᠥᠭᠡᠳ ᠴᠠᠭ ᠢᠮᠠᠭᠲᠠ ᠴᠠᠭ | ᠠᠭᠤᠷ ᠪᠠ ᠰᠠᠯᠬᠢᠨ ᠤ ᠬᠠᠨᠳᠤᠰᠢ ᠶᠢᠨ ᠬᠤᠪᠢᠷᠠᠯᠲᠠ ᠶᠢ ᠠᠩᠬᠠᠷᠴᠤ᠂ ᠬᠥᠮᠦᠨ ᠬᠠᠷ᠎ᠠ ᠦᠬᠦᠵᠦ ᠰᠢᠷᠬᠠᠲᠤᠬᠤ | ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠭᠠᠮᠰᠢᠭ ᠢ ᠰᠡᠷᠭᠡᠶᠢᠯᠡᠨ ᠵᠠᠰᠠᠬᠤ ᠲᠤᠬᠠᠶ ᠶᠢᠨ ᠲᠠᠯᠠᠪᠤᠷ ᠲᠤ ᠥᠷᠭᠡᠨ | ᠳᠡᠯᠭᠡᠷ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠵᠠᠰᠠᠬᠤ ᠣᠷᠣᠨ ᠪᠦᠰᠡ ᠶᠢᠨ ᠲᠡᠮᠳᠡᠭ | ᠲᠠᠯᠪᠢᠵᠤ᠂ ᠡᠷᠬᠢᠨ ᠲᠣᠭᠤᠷᠢᠨ ᠤ ᠠᠷᠠᠳ ᠣᠯᠠᠨ ᠳᠤ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ | ᠰᠠᠨᠠᠭᠤᠯᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠶ᠃ | 7.7 ᠬᠢᠨᠠᠯᠲᠠ ᠬᠢᠭᠡᠳ ᠰᠣᠷᠢᠯᠲᠠ ᠲᠤᠰᠬᠠᠶ ᠮᠡᠷᠭᠡᠵᠢᠯᠲᠡᠨ ᠤ ᠰᠠᠨᠠᠯ ᠪᠠ ᠠᠳᠠᠯᠢ ᠪᠤᠰᠤ ᠴᠠᠭ ᠦᠶ᠎ᠡ ᠶᠢᠨ | ᠣᠶ ᠰᠢᠭᠤᠶ ᠶᠢᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠡᠭᠦᠰᠦᠭᠰᠡᠨ ᠬᠤᠤᠷ ᠬᠥᠨᠥᠭᠡᠯ ᠤᠨ ᠪᠠᠶᠢᠳᠠᠯ | ᠵᠢᠴᠢ ᠳᠠᠯᠳᠠ ᠰᠦᠷᠳᠡᠭᠦᠯᠦᠯ ᠢ ᠦᠨᠳᠦᠰᠦᠯᠡᠨ᠂ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ | ᠣᠷᠣᠨ ᠤ ᠳᠣᠲᠣᠷᠠᠬᠢ ᠣᠶ ᠰᠢᠭᠤᠶ ᠶᠢᠨ ᠬᠦᠨᠳᠦ ᠶᠡᠭᠡ ᠬᠥᠨᠥᠭᠡᠯᠲᠦ ᠠᠮᠢᠳᠤ ᠪᠣᠳᠠᠰ ᠤᠨ ᠭᠠᠮᠰᠢᠭ ᠢ ᠠᠷᠭᠠᠴᠠᠭᠠᠬᠤ | ᠪᠠᠶᠢᠭᠤᠯᠤᠮᠵᠢ ᠵᠢᠴᠢ ᠡᠩᠨᠡᠭᠡᠨ ᠤ ᠪᠠᠶᠢᠭᠤᠯᠤᠯᠲᠠ᠂ ᠡᠳ᠋ ᠪᠣᠳᠠᠰ ᠵᠢᠴᠢ ᠮᠡᠷᠭᠡᠵᠢᠯ ᠤᠨ ᠨᠥᠭᠡᠴᠡ ᠶᠢᠨ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠪᠡ᠃ ᠵᠢᠯ ᠪᠦᠷᠢ ᠳᠡᠰ ᠳᠠᠪᠬᠤᠷᠭ᠎ᠠ ᠬᠤᠪᠢᠶᠠᠨ ᠲᠤᠰᠬᠠᠶ | ᠮᠡᠷᠭᠡᠵᠢᠯ ᠤᠨ ᠠᠵᠢᠯᠲᠠᠨ ᠪᠣᠯᠤᠨ ᠠᠷᠢᠯᠭᠠᠨ ᠵᠠᠰᠠᠬᠤ ᠲᠤᠰᠬᠠᠶ ᠮᠡᠷᠭᠡᠵᠢᠯ ᠤᠨ ᠭᠡᠰᠢᠭᠦᠨ ᠳᠤ ᠮᠡᠷᠭᠡᠵᠢᠯ ᠤᠨ | ᠪᠣᠯᠪᠠᠰᠤᠷᠠᠭᠤᠯᠤᠯ ᠬᠢᠵᠦ᠂ ᠵᠢᠯ ᠪᠦᠷᠢ ᠨᠢᠭᠡ ᠤᠳᠠᠭ᠎ᠠ ᠪᠣᠳᠠᠲᠠᠶ ᠰᠣᠷᠢᠯᠲᠠ ᠬᠢᠬᠦ ᠶᠢ ᠵᠣᠬᠢᠶᠠᠨ ᠪᠠᠶᠢᠭᠤᠯᠵᠤ᠂ | ᠬᠦᠨᠳᠦ ᠶᠡᠭᠡ ᠠᠮᠢᠳᠤ ᠪᠣᠳᠠᠰ ᠤᠨ ᠭᠠᠮᠰᠢᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 8. ᠳᠠᠭᠠᠯᠳᠤᠭᠤᠯᠤᠭᠰᠠᠨ ᠲᠦᠷᠢᠮ | 8.1 ᠨᠡᠷ᠎ᠡ ᠲᠣᠮᠢᠶ᠎ᠠ ᠶᠢᠨ ᠲᠣᠳᠣᠷᠬᠠᠶᠢᠯᠠᠯᠲᠠ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠣᠶ | ᠰᠢᠭᠤᠶ᠂ ᠣᠶ ᠮᠣᠳᠣ ᠪᠣᠯᠤᠨ ᠣᠶ ᠮᠣᠳᠣᠨ ᠤ ᠦᠷ᠎ᠡ ᠬᠡᠪ ᠤᠨ ᠶᠣᠰᠣᠭᠠᠷ ᠤᠷᠭᠤᠬᠤ ᠳᠤ ᠬᠥᠨᠥᠭᠡᠯ | ᠤᠴᠠᠷᠠᠭᠤᠯᠬᠤ ᠶᠢᠨ ᠬᠠᠮᠲᠤ ᠠᠵᠤ ᠠᠬᠤᠶ ᠶᠢᠨ ᠬᠤᠬᠢᠷᠠᠯ ᠤᠴᠠᠷᠠᠭᠤᠯᠬᠤ ᠡᠪᠡᠳᠴᠢᠨ᠂ ᠬᠤᠷᠣᠬᠠᠶ᠂ ᠡᠯᠳᠡᠪ ᠡᠪᠡᠰᠦ | ᠵᠡᠷᠭᠡ ᠬᠥᠨᠥᠭᠡᠯ ᠲᠠᠢ ᠠᠮᠢᠳᠤ ᠪᠣᠳᠠᠰ ᠢ ᠵᠢᠭᠠᠵᠤ ᠪᠤᠶ᠃ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ | ᠭᠠᠮᠰᠢᠭ᠄ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠵᠦ ᠣᠶ ᠰᠢᠭᠤᠶ ᠶᠢᠨ ᠡᠬᠢ ᠪᠠᠶᠠᠯᠢᠭ ᠲᠤ | ᠬᠤᠬᠢᠷᠠᠯ ᠤᠴᠠᠷᠠᠭᠤᠯᠤᠭᠰᠠᠨ ᠪᠠᠶᠢᠭᠠᠯᠢ ᠶᠢᠨ ᠭᠠᠮᠰᠢᠭ ᠢ ᠵᠢᠭᠠᠵᠤ ᠪᠤᠶ᠃ ︵ᠣᠶ ᠰᠢᠭᠤᠶ ᠶᠢᠨ ᠬᠥᠨᠥᠭᠡᠯᠲᠦ ᠠᠮᠢᠳᠤ | ᠪᠣᠳᠠᠰ ᠤᠨ ᠭᠠᠮᠰᠢᠭ ᠲᠤ ᠣᠶ ᠰᠢᠭᠤᠶ ᠶᠢᠨ ᠡᠪᠡᠳᠴᠢᠨ ᠤ ᠬᠥᠨᠥᠭᠡᠯ᠂ ᠣᠶ ᠰᠢᠭᠤᠶ ᠶᠢᠨ ᠬᠤᠷᠣᠬᠠᠶ ᠶᠢᠨ ᠬᠥᠨᠥᠭᠡᠯ | ᠂ ᠣᠶ ᠰᠢᠭᠤᠶ ᠶᠢᠨ ᠣᠭᠤᠲᠣᠨ᠎ᠠ ᠲᠠᠤᠯᠠᠢ ᠶᠢᠨ ᠬᠥᠨᠥᠭᠡᠯ᠂ ᠣᠶ ᠰᠢᠭᠤᠶ ᠶᠢᠨ ᠬᠥᠨᠥᠭᠡᠯᠲᠦ ᠤᠷᠭᠤᠮᠠᠯ ᠵᠡᠷᠭᠡ | ᠪᠠᠭᠲᠠᠨ᠎ᠠ︶ ᠪᠠᠭᠲᠠᠨ᠎ᠠ᠃ ᠪᠠᠶᠢᠩᠭᠤ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠵᠠᠷᠢᠮ ᠣᠶ | ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ ᠵᠢᠯ ᠲᠤᠷᠰᠢ ᠨᠡᠯᠢᠶᠡᠳ ᠥᠨᠳᠥᠷ ᠪᠠᠶᠢᠯᠭᠠᠭᠰᠠᠨ ᠳᠦᠷᠰᠦ ᠶᠢᠨ | ᠰᠦᠷᠦᠭ ᠤᠨ ᠲᠤᠭ᠎ᠠ ᠬᠡᠮᠵᠢᠶ᠎ᠡ ᠶᠢ ᠵᠢᠭᠠᠵᠤ ᠪᠤᠶ᠂ ᠬᠦᠨᠳᠦ ᠨᠣᠴᠢᠲᠠᠶ ᠬᠤᠤᠷ ᠬᠥᠨᠥᠭᠡᠯ ᠲᠠᠢ ᠠᠮᠢᠳᠤ ᠪᠣᠳᠠᠰ ᠢ | ᠵᠢᠭᠠᠵᠤ ᠪᠤᠶ᠃ ᠭᠡᠨᠡᠳᠲᠡ ᠶᠢᠨ ᠴᠢᠨᠠᠷᠲᠠᠶ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ᠄ ᠵᠠᠷᠢᠮ ᠣᠶ | ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠨᠢ ᠡᠩ ᠤᠨ ᠵᠢᠯ ᠤᠨ ᠳᠣᠲᠣᠷ᠎ᠠ ᠳᠦᠷᠰᠦ ᠶᠢᠨ ᠰᠦᠷᠦᠭ ᠤᠨ ᠲᠤᠭ᠎ᠠ | ᠬᠡᠮᠵᠢᠶ᠎ᠡ ᠪᠠᠷ ᠨᠡᠯᠢᠶᠡᠳ ᠪᠠᠭ᠎ᠠ᠂ ᠭᠡᠨᠡᠳᠲᠡ ᠶᠢᠨ ᠪᠠᠶᠢᠳᠠᠯ ᠭᠠᠷᠤᠭᠰᠠᠨ ᠠᠴᠠ ᠪᠣᠯᠵᠤ ᠶᠡᠭᠡ ᠬᠡᠮᠵᠢᠶ᠎ᠡ ᠪᠠᠷ ᠡᠭᠦᠰᠬᠦ | ᠠᠰᠢᠭᠲᠠᠶ ᠬᠦᠴᠦᠨ ᠵᠦᠢᠯ ᠭᠠᠷᠴᠤ᠂ ᠬᠦᠨᠳᠦ ᠨᠣᠴᠢᠲᠠᠶ ᠬᠤᠤᠷ ᠬᠥᠨᠥᠭᠡᠯ ᠲᠠᠢ ᠠᠮᠢᠳᠤ ᠪᠣᠳᠠᠰ ᠢ ᠵᠢᠭᠠᠵᠤ ᠪᠤᠶ᠃ | ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯᠲᠡᠶ ᠠᠮᠢᠳᠤ ᠪᠣᠳᠠᠰ᠄ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠠᠴᠠ ᠨᠡᠶᠢᠲᠡᠯᠡᠭᠰᠡᠨ ᠪᠥᠬᠦ ᠤᠯᠤᠰ ᠤᠨ ᠣᠶ ᠰᠢᠭᠤᠶ ᠶᠢᠨ ᠬᠢᠵᠢᠭ ᠪᠠᠶᠢᠴᠠᠭᠠᠬᠤ ᠴᠢᠨᠠᠷᠲᠠᠶ ᠬᠥᠨᠥᠭᠡᠯᠲᠡᠶ | ᠠᠮᠢᠳᠤ ᠪᠣᠳᠠᠰ ᠤᠨ ᠨᠡᠷᠡᠰ ᠲᠤ ᠵᠢᠭᠰᠠᠭᠠᠭᠳᠠᠭᠰᠠᠨ ᠬᠥᠨᠥᠭᠡᠯᠲᠡᠶ ᠠᠮᠢᠳᠤ ᠪᠣᠳᠠᠰ ᠤᠨ ᠲᠥᠷᠥᠯ ᠵᠦᠢᠯ ᠢ ᠵᠢᠭᠠᠵᠤ | ᠪᠣᠶ᠃ ᠨᠤᠲᠤᠭ ᠪᠡᠯᠴᠢᠭᠡᠷ ᠤᠨ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ᠄ ᠨᠤᠲᠤᠭ ᠪᠡᠯᠴᠢᠭᠡᠷ ᠤᠨ ᠬᠥᠨᠥᠭᠡᠯᠲᠦ | ᠠᠮᠢᠳᠤ ᠪᠣᠳᠠᠰ ᠭᠠᠷᠴᠤ ᠨᠤᠲᠤᠭ ᠪᠡᠯᠴᠢᠭᠡᠷ ᠤᠨ ᠡᠬᠢ ᠪᠠᠶᠠᠯᠢᠭ ᠬᠤᠬᠢᠷᠠᠯ ᠳᠤ ᠤᠴᠠᠷᠠᠭᠰᠠᠨ ᠪᠠᠶᠢᠭᠠᠯᠢ ᠶᠢᠨ | ᠭᠠᠮᠰᠢᠭ ᠢ ᠵᠢᠭᠠᠵᠤ ᠪᠤᠶ᠃ ︵ᠨᠤᠲᠤᠭ ᠪᠡᠯᠴᠢᠭᠡᠷ ᠤᠨ ᠬᠥᠨᠥᠭᠡᠯ ᠲᠠᠢ ᠠᠮᠢᠳᠤ ᠪᠣᠳᠠᠰ ᠤᠨ ᠭᠠᠮᠰᠢᠭ ᠲᠤ ᠨᠤᠲᠤᠭ | ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠭᠠᠮᠰᠢᠭ᠂ ᠨᠤᠲᠤᠭ ᠪᠡᠯᠴᠢᠭᠡᠷ ᠤᠨ ᠡᠪᠡᠳᠴᠢᠨ ᠤ ᠬᠥᠨᠥᠭᠡᠯ᠂ ᠨᠤᠲᠤᠭ | ᠪᠡᠯᠴᠢᠭᠡᠷ ᠤᠨ ᠬᠤᠤᠷ ᠲᠠᠢ ᠡᠪᠡᠰᠦ ᠪᠠᠭᠲᠠᠨ᠎ᠠ︶ ᠪᠠᠭᠲᠠᠨ᠎ᠠ᠃ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ | ᠲᠦᠷᠢᠮᠡᠬᠡᠶᠢᠯᠡᠯ᠄ ᠠᠮᠢᠳᠤ ᠪᠣᠳᠠᠰ ᠨᠢ ᠤᠤᠯ ᠤᠨ ᠣᠷᠣᠰᠢᠨ ᠠᠮᠢᠳᠤᠷᠠᠵᠤ ᠪᠠᠶᠢᠭ᠎ᠠ ᠭᠠᠵᠠᠷ ᠤᠨ ᠪᠠᠶᠢᠭᠠᠯᠢ ᠶᠢᠨ ᠪᠤᠶᠤ | ᠵᠣᠷᠢᠭᠤᠳᠠ ᠶᠢᠨ ᠠᠷᠭ᠎ᠠ ᠵᠠᠮ ᠢᠶᠠᠷ ᠥᠭᠡᠷ᠎ᠡ ᠨᠢᠭᠡᠨ ᠰᠢᠨ᠎ᠡ ᠣᠷᠴᠢᠨ ᠲᠣᠭᠤᠷᠢᠨ ᠳᠤ ᠲᠦᠷᠢᠨ ᠣᠷᠣᠵᠤ᠂ | ᠬᠥᠷᠥᠭᠰᠡᠨ ᠭᠠᠵᠠᠷ ᠤᠨ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠵᠢᠴᠢ ᠬᠡᠭᠡᠷ᠎ᠡ ᠶᠢᠨ ᠠᠮᠢᠲᠠᠨ | ᠤᠷᠭᠤᠮᠠᠯ ᠤᠨ ᠡᠬᠢ ᠪᠠᠶᠠᠯᠢᠭ ᠵᠢᠴᠢ ᠣᠷᠴᠢᠨ ᠲᠣᠭᠤᠷᠢᠨ ᠠᠴᠠ ᠪᠣᠯᠤᠭᠰᠠᠨ ᠶᠤᠮ᠃ | 8.2 ᠱᠠᠩᠨᠠᠯ ᠪᠠ ᠬᠠᠷᠢᠭᠤᠴᠠᠯᠭ᠎ᠠ ᠨᠡᠬᠡᠮᠵᠢᠯᠡᠬᠦ ᠣᠶ ᠰᠢᠭᠤᠶ ᠶᠢᠨ ᠬᠦᠨᠳᠦ ᠬᠡᠴᠡᠭᠦᠦ ᠬᠥᠨᠥᠭᠡᠯᠲᠡᠶ ᠠᠮᠢᠳᠤ | ᠪᠣᠳᠠᠰ ᠤᠨ ᠭᠠᠮᠰᠢᠭ ᠢ ᠰᠢᠶ᠋ᠳᠪᠦᠷᠢᠯᠡᠬᠦ ᠠᠵᠢᠯ ᠤᠨ ᠳᠤᠮᠳᠠ ᠮᠡᠳᠡᠭᠳᠡᠬᠦ᠋ᠢᠴᠡ ᠠᠮᠵᠢᠯᠲᠠ ᠣᠯᠤᠭᠰᠠᠨ᠂ ᠲᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠠᠴᠠ | ᠬᠥᠬᠢᠭᠦᠯᠦᠨ ᠱᠠᠩᠨᠠᠬᠤ ᠬᠡᠷᠡᠭᠲᠡᠶ᠃ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ | ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠨᠢᠭᠡᠴᠢ | ᠪᠠ ᠬᠤᠪᠢ ᠬᠥᠮᠦᠨ ᠢ ᠨᠡᠪᠲᠡᠷᠡᠭᠦᠯᠦᠨ ᠰᠢᠭᠦᠮᠵᠢᠯᠡᠵᠦ᠂ ᠮᠠᠭᠤ ᠦᠷ᠎ᠡ ᠳ᠋ᠦᠩ ᠭᠠᠷᠭᠠᠭᠰᠠᠨ ᠨᠢᠭᠡᠴᠢ ᠪᠠ ᠬᠤᠪᠢ | ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | 8.3 ᠪᠡᠯᠡᠳᠬᠡᠯ ᠲᠥᠰᠦᠯ ᠢ ᠲᠣᠭᠲᠠᠭᠠᠬᠤ ᠪᠠ ᠲᠠᠶᠢᠯᠪᠤᠷᠢᠯᠠᠬᠤ ᠲᠣᠰ ᠪᠡᠯᠡᠳᠬᠡᠯ ᠲᠥᠰᠦᠯ ᠢ ᠳ᠋ᠦᠩ ᠾᠧ | ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠲᠣᠭᠲᠠᠭᠠᠬᠤ ᠶᠢᠨ ᠬᠠᠮᠲᠤ ᠬᠠᠷᠢᠭᠤᠴᠠᠨ | ᠲᠠᠶᠢᠯᠪᠤᠷᠢᠯᠠᠨ᠎ᠠ᠃ 8.4 ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |