ᠸᠠᠩ ᠷᠦᠢ ︽5.1︾ ᠤ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ‌‍ᠪᠠ ᠲᠤᠯᠠᠭᠠᠨ ᠦᠵᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
      5 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ︽5 · 1︾ ᠤ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ  ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠸᠠᠩ ᠷᠦᠢ ᠤᠷᠢᠳ ᠬᠤᠵᠢᠳ ᠨᠢᠩ ᠯᠦ  ᠲᠣᠭᠤᠷᠢᠭ᠂ ᠠᠢ ᠮᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠡᠯ ᠭᠥᠩ  ᠳᠠᠬᠢ ᠳᠡᠯᠭᠡᠭᠦᠷ᠂ ᠮᠢᠩ ᠱᠢ ᠬᠤᠸᠠ ᠶᠤᠸᠠᠨ  ᠲᠣᠭᠤᠷᠢᠭ᠂ ᠸᠠ ᠳ᠋ᠦᠩ  ᠲᠣᠭᠤᠷᠢᠭ᠂  ᠬᠦᠷᠡᠯ  ᠰᠢᠯ ᠰᠢᠨ᠎ᠡ ᠲᠣᠭᠤᠷᠢᠭ ᠤᠨ ᠬᠤᠶᠢᠲᠤ ᠲᠠᠪᠤᠳᠤᠭᠠᠷ ᠲᠣᠭᠤᠷᠢᠭ ᠵᠡᠷᠭᠡ ᠭᠠᠵᠠᠷ ᠲᠤ ᠬᠦᠷᠴᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠰᠠᠷᠠᠪᠴᠢ ᠶᠢᠨ ᠪᠥᠲᠥᠭᠡᠨ ᠪᠠᠶᠢᠭᠤᠯᠤᠯᠲᠠ᠂ ᠰᠠᠭᠤᠭᠠᠯᠢ ᠠᠷᠠᠳ ᠤᠨ ᠠᠰᠠᠷ ᠤᠨ ᠴᠠᠬᠢᠯᠭᠠᠨ ᠱᠠᠲᠤ ᠶᠢᠨ ᠣᠶᠤᠨᠴᠢ ᠡᠵᠡᠮᠰᠢᠯ ᠤᠨ ᠰᠢᠰᠲ᠋ᠧᠮ ᠤᠨ  ᠠᠵᠢᠯᠯᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠣᠷᠣᠯᠠᠭᠤᠯᠭ᠎ᠠ᠂ ᠳᠤᠯᠠᠭᠠᠨ ᠦᠵᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ  ᠢᠯᠡᠷᠡᠭᠰᠡᠨ ᠠᠮᠤᠷ ᠲᠦᠪᠰᠢᠨ ᠤ  ᠳᠠᠯᠳᠠ ᠠᠶᠤᠯ ᠢ ᠲᠣᠳᠣᠷᠬᠠᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃        ᠸᠠᠩ ᠷᠦᠢ ᠬᠡᠯᠡᠬᠦ ᠳᠡᠭᠡᠨ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯ ᠤᠨ  ᠰᠡᠳᠬᠢᠬᠦᠶ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠤᠨᠲᠠᠷᠠᠭᠠᠬᠤ᠂  ᠶᠡᠭᠡ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠤᠭᠠᠴᠠᠯ ᠤᠨ ᠦᠵᠡᠮᠵᠢ ᠶᠢᠨ ᠣᠷᠣᠨ᠂ ᠬᠥᠮᠦᠨ  ᠬᠤᠷᠠᠵᠤ ᠴᠤᠭᠯᠠᠷᠠᠭᠰᠠᠨ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ  ᠤᠴᠢᠷ ᠶᠠᠪᠤᠳᠠᠯ ᠶᠢ ᠴᠢᠩᠭ᠎ᠠ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ  ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃  ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠡᠷᠭᠡᠨ ᠤ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠤᠪᠢᠰᠬᠠᠯᠲᠤ ᠠᠳᠠᠯ ᠠᠬᠤᠶ︾ ᠶᠢ ᠡᠭᠦᠳᠬᠦ ᠪᠠᠷ ᠭᠠᠷᠳᠠᠴᠠ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠥᠮᠴᠢᠲᠡᠨ ᠤ ᠵᠥᠪᠯᠡᠯ᠂ ᠠᠳᠠᠯ ᠠᠬᠤᠶ ᠶᠢᠨ ᠺᠣᠮᠫᠠᠨᠢ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂  ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠬᠤ ᠬᠡᠷᠡᠭᠲᠡᠶ᠃  ᠲᠤᠯᠠᠭᠠᠨ ᠦᠵᠡᠭᠦᠯᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠨ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠠᠮᠤᠷ ᠲᠦᠪᠰᠢᠨ ᠪᠠ ᠦᠢᠯᠡᠳᠪᠦᠷᠢᠯᠡᠯ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠬᠠᠩᠭᠠᠯᠭ᠎ᠠ ᠶᠢ ᠪᠠᠲᠤᠯᠠᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃       ᠲᠣᠭᠤᠷᠢᠭ ᠤᠨ ᠤᠳᠤᠷᠢᠳᠤᠯᠭ᠎ᠠ ᠹᠧᠩ ᠳ᠋ᠦᠩ ᠸᠠᠩ᠂ ᠶᠠᠩ ᠵᠢᠶᠠᠨ ᠵᠢᠶᠦ᠋ᠨ ᠬᠢᠨᠠᠨ ᠵᠢᠯᠣᠭᠤᠳᠴᠤ ᠪᠠᠶᠢᠴᠠᠭᠠᠬᠤ ᠪᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1