ᠳ᠋ᠦᠩ ᠾᠧ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠤᠨ ᠠᠵᠢᠯ ᠲᠥᠷᠥᠯ ᠤᠨ ᠠᠵᠢᠯᠲᠠᠳ ᠲᠤ ᠢᠯᠡᠭᠡᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2024/5/8
ᠡᠯ᠎ᠡ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠠᠵᠢᠯ ᠲᠥᠷᠥᠯ ᠳᠤ ᠠᠵᠢᠯᠯᠠᠵᠤ ᠪᠠᠶᠢᠭ᠎ᠠ ᠬᠥᠮᠦᠰ᠄      ᠲᠠ ᠰᠠᠶᠢᠨ ᠤᠤ︖ 2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠢᠭᠡᠨ ᠠᠮᠤᠷ ᠠᠮᠤᠭᠤᠯᠠᠩ ᠡᠶ᠎ᠡ ᠨᠠᠶᠢᠷᠠᠮᠳᠠᠭᠤ ᠳᠤᠮᠳᠠᠳᠤ ᠤᠯᠤᠰ ᠤᠨ ᠵᠢᠯ ᠢ ᠥᠩᠭᠡᠷᠡᠭᠦᠯᠬᠦ ᠶᠢᠨ ᠲᠥᠯᠥᠭᠡ᠂ ᠤᠯᠠᠨ ᠢᠶᠠᠷ ᠢᠶᠠᠨ ᠡᠷᠬᠡᠪᠰᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠵᠢᠷᠤᠮᠵᠢᠯ ᠢ ᠵᠢᠷᠤᠮᠯᠠᠬᠤ ᠬᠡᠷᠡᠭᠲᠡᠢ᠂ ᠡᠭᠦᠨ ᠤ ᠲᠥᠯᠥᠭᠡ ᠳᠣᠣᠷᠠᠬᠢ ᠮᠡᠲᠦ ᠰᠠᠨᠠᠭᠤᠯᠤᠶ᠎ᠠ᠄      1. ᠡᠯ᠎ᠡ ᠨᠢᠭᠡᠴᠡ ᠨᠦᠭᠦᠳ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ᠂ ᠪᠠᠶᠢᠴᠠᠭᠠᠯᠲᠠ᠂ ᠭᠠᠯ ᠤᠨᠲᠠᠷᠠᠭᠠᠬᠤ ᠭᠠᠯ ᠤᠨ ᠠᠶᠤᠯ ᠤᠨ ᠳᠠᠯᠳᠠ ᠭᠡᠮ ᠢ ᠴᠢᠩᠭᠠᠳᠬᠠᠵᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠰᠠᠶᠢᠨ ᠬᠡᠷᠡᠭᠯᠡᠬᠦ ᠶᠢ ᠦᠨᠡᠨᠬᠦ ᠪᠠᠲᠤᠯᠠᠵᠤ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠡᠷᠪᠡ ᠭᠠᠯ ᠤᠨ ᠠᠶᠤᠯ ᠭᠠᠷᠪᠠᠯ᠂ ᠳᠠᠷᠦ᠋ᠢᠬᠠᠨ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠲᠡᠷᠡ ᠳᠠᠷᠤᠶ ᠳᠤᠨᠢ ᠬᠥᠮᠦᠰ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠶᠢᠨ ᠬᠠᠮᠲᠤ ᠲᠦᠭᠰᠢᠭᠦᠷᠢ ᠮᠡᠳᠡᠭᠦᠯᠬᠦ ᠤᠲᠠᠰᠤ ︽119︾ ᠤᠲᠠᠰᠤᠳᠠᠨ᠎ᠠ᠃      2. ᠵᠢᠵᠢᠭᠦᠷᠯᠡᠬᠦ ᠲᠠᠰᠤᠭ᠂ ᠲᠠᠯᠠᠪᠤᠷ ᠭᠠᠵᠠᠷ ᠲᠤ ᠬᠥᠮᠦᠨ ᠥᠬᠡᠶ ᠬᠤᠭᠤᠴᠠᠭᠠᠨ ᠳᠤ᠂ ᠶᠡᠭᠡ ᠴᠢᠳᠠᠯᠲᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠴᠠᠭ ᠲᠤᠬᠠᠶ ᠳᠤᠨᠢ ᠬᠠᠭᠠᠨ᠎ᠠ᠂ ᠡᠭᠦᠨ ᠳᠤ ᠴᠠᠬᠢᠯᠭᠠᠨ ᠴᠡᠨᠡᠭᠯᠡᠬᠦ ᠮᠠᠰᠢᠨ᠂ ᠴᠠᠬᠢᠯᠭᠠᠨ ᠲᠤᠯᠠᠭᠠᠯᠠᠭ᠎ᠠ ᠶᠢᠨ ᠮᠠᠰᠢᠨ᠂ ᠴᠠᠬᠢᠯᠭᠠᠨ ᠢᠯᠴᠢ ᠶᠢᠨ ᠬᠡᠪᠢᠰ ᠴᠠᠬᠢᠯᠭᠠᠨ ᠢᠯᠴᠢ ᠶᠢᠨ ᠳᠤᠯᠠᠭᠠᠴᠠᠭᠤᠷ ᠵᠡᠷᠭᠡ ᠪᠠᠭᠲᠠᠨ᠎ᠠ᠃      3. ᠲᠠᠯᠠᠪᠤᠷ ᠭᠠᠵᠠᠷ ᠤᠨ ᠳᠣᠲᠣᠭᠠᠳᠤ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠥᠬᠡᠶ᠂ ᠠᠰᠠᠷ ᠤᠨ ᠬᠤᠩᠭᠢᠯ ᠳᠤ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠬᠤ ᠥᠬᠡᠶ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠠᠳᠠᠭᠠᠯᠠᠬᠤ ᠥᠬᠡᠶ᠃      4. ᠵᠢᠵᠢᠭᠦᠷᠯᠡᠭᠴᠢ᠂ ᠬᠤᠨᠤᠭᠯᠠᠵᠤ ᠬᠤᠨᠣᠵᠤ ᠬᠡᠪᠲᠡᠬᠦ ᠬᠥᠮᠦᠰ ᠬᠡᠷ ᠳᠣᠲᠣᠷ᠎ᠠ ᠲᠠᠮᠠᠬᠢ ᠲᠠᠲᠠᠬᠤ᠂ ᠢᠯᠡ ᠭᠠᠯ ᠢ ᠬᠡᠷᠡᠭᠯᠡᠬᠦ᠂ ᠬᠤᠸᠠᠷ ᠫᠤᠤᠵᠢᠩ ᠲᠠᠯᠪᠢᠬᠤ ᠵᠡᠷᠭᠡ ᠠᠵᠢᠯ ᠢ ᠬᠢᠬᠦ ᠦᠭᠡᠢ᠃      5. ᠥᠷᠥᠭᠡᠨ ᠳᠤ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠬᠠᠳᠠᠭᠠᠯᠠᠬᠤ ᠦᠭᠡᠶ ︵ᠴᠢᠶ᠋ᠢᠦ ᠲᠣᠰᠣ᠂ ᠨᠡᠭᠦᠷᠡᠰᠦᠨ ᠲᠣᠰᠣ᠂ ᠰᠢᠷ ᠵᠡᠷᠭᠡ ᠶᠢ ᠪᠠᠭᠲᠠᠭᠠᠭᠰᠠᠨ ᠴᠢᠶ᠋ᠢᠦ ᠲᠣᠰᠣ᠂ ᠰᠢᠲᠠᠬᠤ ᠳᠤᠨᠢ ᠬᠢᠵᠠᠭᠠᠷᠯᠠᠭᠳᠠᠬᠤ ᠦᠭᠡᠶ᠃      ︽ᠥᠪᠡᠷ ᠥᠪᠡᠷ ᠤᠨ ᠶᠡᠭᠡ ᠬᠡᠷᠡᠭ ᠢᠶᠠᠷ︾ ᠠᠮᠢᠳᠤᠷᠠᠳᠠᠭ ᠪᠠᠶᠢᠨ᠎ᠠ᠃ ᠪᠢᠳᠡ ᠭᠠᠷ ᠬᠤᠯᠪᠣᠯᠴᠠᠨ᠂ ︽ᠥᠴᠦᠬᠡᠨ ᠴᠦ ᠠᠯᠳᠠᠰᠢ ᠭᠠᠷᠭᠠᠬᠤ ᠦᠭᠡᠢ᠂ ᠨᠢᠭᠡ ᠶᠢ ᠠᠯᠳᠠᠪᠠᠯ ᠲᠦᠮᠡ ᠶᠢ ᠠᠯᠳᠠᠬᠤ︾ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ︾ ᠭᠡᠬᠦ ᠦᠵᠡᠯ ᠰᠠᠨᠠᠭ᠎ᠠ ᠶᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠤᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠪᠠ᠃      ᠬᠠᠮᠤᠭ ᠰᠡᠭᠦᠯ ᠳᠤ ᠲᠠ ᠪᠦᠬᠦᠨ ᠤ ᠨᠠᠮ ᠵᠢᠮ ᠢᠶᠠᠷ ᠬᠠᠪᠤᠷ ᠢ ᠣᠯᠵᠤ ᠦᠵᠡᠬᠦ ᠶᠢ ᠴᠢᠩ ᠰᠡᠳᠬᠢᠯ ᠠᠴᠠ ᠪᠠᠨ ᠢᠷᠦᠭᠡᠶ᠎ᠡ︕ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩ ᠢ ᠪᠡᠯᠭᠡᠯᠡᠶ᠎ᠡ᠃          ᠳ᠋ᠦᠩ ᠾᠧ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1