ᠣᠩᠭᠤᠴᠠ ᠱᠠᠩᠨᠠᠬᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ︔ ᠳ᠋ᠦᠩ ᠾᠧ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠶ ᠪᠣᠯᠪᠠ
ᠨᠡᠶᠢᠲᠡᠯᠡᠭᠰᠡᠨ ᠴᠠᠭ᠄
2024/6/18
     ᠲᠠᠪᠤᠨ ᠰᠠᠷ᠎ᠠ ᠶᠢᠨ ᠲᠠᠪᠤᠨ ᠤ ᠠᠮᠠᠷᠠᠯᠲᠠ      ᠳ᠋ᠦᠩ ᠾᠧ ᠲᠣᠭᠤᠷᠢᠭ ᠤᠨ ᠰᠣᠶᠣᠯ ᠵᠢᠭᠤᠯᠴᠢᠯᠠᠯ ᠬᠤᠳᠠᠯᠳᠤᠭᠠᠨ ᠤ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠪᠡ      ᠪᠦᠷᠢᠳᠬᠡᠯ ᠢᠶᠠᠷ      ᠮᠠᠨ ᠤ ᠣᠷᠣᠨ ᠨᠡᠶᠢᠲᠡ 16.36 ᠲᠦᠮᠡᠨ ᠵᠤᠭᠠᠴᠠᠭᠰᠠᠳ ᠢ ᠵᠣᠴᠢᠯᠠᠪᠠ᠃      ᠠᠵᠤ ᠠᠬᠤᠢ ᠶᠢᠨ ᠤᠷᠤᠯᠭ᠎ᠠ 289.12 ᠲᠦᠮᠡᠨ ᠲᠦᠭᠦᠷᠢᠭ      ᠵᠤᠭᠠᠴᠠᠭᠰᠠᠳ ᠤᠨ ᠶᠡᠷᠦᠩᠬᠡᠢ ᠵᠠᠷᠤᠳᠠᠯ 8180 ᠲᠦᠮᠡᠨ ᠲᠦᠭᠦᠷᠢᠭ ᠳᠤ ᠬᠦᠷᠪᠡ   ᠪᠤᠭᠤᠲᠤ ᠶᠢᠨ ᠡᠮᠦᠨᠡᠲᠦ ᠲᠠᠩᠭᠢᠰ ᠤᠨ ᠦᠵᠡᠮᠵᠢ ᠶᠢᠨ ᠣᠷᠣᠨ ᠤ ᠡᠷᠬᠢᠯᠡᠭᠰᠡᠨ ᠪᠤᠭᠤᠲᠤ ᠬᠤᠲᠠ ᠶᠢᠨ ᠬᠤᠶᠠᠳᠤᠭᠠᠷ ᠬᠤᠭᠤᠴᠠᠭᠠᠨ ᠤ ᠲᠠᠪᠤᠨ ᠰᠠᠷ᠎ᠠ ᠶᠢᠨ ᠱᠢᠨ᠎ᠡ ᠶᠢᠨ ᠲᠠᠪᠤᠨ ᠤ ᠠᠷᠠᠳ ᠤᠨ ᠵᠠᠩ ᠦᠢᠯᠡ ᠶᠢᠨ ᠰᠣᠶᠣᠯ ᠤᠨ ᠨᠠᠢᠷ ᠵᠢᠴᠢ ︽ᠡᠮᠦᠨᠡᠲᠦ ᠳᠠᠯᠠᠢ ᠬᠤᠨᠳᠠᠭᠠᠲᠤ︾ ᠯᠤᠤᠲᠤ ᠣᠩᠭᠤᠴᠠ ᠶᠢᠨ ᠤᠷᠤᠯᠳᠤᠭᠠᠨ ᠨᠢ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠪᠣᠷᠣᠯᠠᠭᠤᠯᠬᠤ᠂ ᠤᠷᠠᠨ ᠰᠠᠢᠬᠠᠨ ᠤ ᠲᠣᠭᠯᠠᠯᠲᠠ᠂ ᠬᠢᠲᠠᠳ ᠬᠤᠪᠴᠠᠰᠤᠨ ᠤ ᠲᠣᠭᠤᠷᠢᠨ ᠵᠤᠭᠠᠴᠠᠬᠤ᠂ ᠳᠡᠪᠦᠷ ᠎ᠡ ᠣᠷᠣᠭᠤᠯᠬᠤ ᠵᠡᠷᠭᠡ ᠮᠠᠱᠢ ᠣᠯᠠᠨ ᠠᠵᠢᠯᠯᠠᠭ᠎ᠠ ᠪᠠᠷ ᠳᠠᠮᠵᠢᠭᠤᠯᠤᠨ᠂ ᠳᠤᠮᠳᠠᠳᠤ ᠶᠢᠨ ᠱᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠱᠢᠳᠢ ᠶᠢ ᠢᠯᠡᠷᠡᠭᠦᠯᠪᠡ᠃ ᠡᠭᠦᠨ ᠳᠤ ᠂ ᠣᠯᠠᠨ ᠲᠦᠮᠡᠨ ᠤ ᠬᠦᠰᠡᠨ ᠬᠦᠯᠢᠶᠡᠵᠦ ᠪᠠᠶᠢᠭ᠎ᠠ ᠯᠤᠤᠲᠤ ᠣᠩᠭᠤᠴᠠ ᠭᠤᠶᠢᠳᠠ ᠰᠠᠶᠢᠬᠠᠨ ᠲᠣᠭᠯᠠᠵᠤ᠂ ᠡᠯ᠎ᠡ ᠠᠩᠭᠢ ᠪᠥᠬᠦ ᠬᠦᠴᠦᠨ ᠢᠶᠠᠷ ᠢᠶᠠᠨ ᠲᠡᠮᠡᠴᠡᠵᠦ᠂ ᠰᠡᠯᠢᠭᠦᠷ ᠢᠶᠠᠨ ᠬᠤᠷᠦ᠋ᠢᠯᠠᠨ ᠥᠷᠢᠰᠥᠯᠳᠦᠵᠦ᠂ ᠥᠷᠭᠡᠨ ᠣᠯᠠᠨ ᠬᠤᠲᠠ ᠶᠢᠨ ᠠᠷᠠᠳ ᠲᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠬᠠᠯᠠᠭᠤᠨ ᠠᠭᠤᠷ ᠠᠮᠢᠰᠬᠤᠯ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠮᠡᠳᠡᠷᠡᠭᠦᠯᠪᠡ᠃
   2024 ᠪᠤᠭᠤᠲᠤ ᠶᠢᠨ ᠶᠢᠨ ᠵᠡᠭᠡᠯᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠵᠤᠭᠠᠴᠠᠯ ᠤᠨ ᠬᠦᠷᠢᠶᠡᠯᠡᠩ ᠨᠢ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠠᠶᠢᠬᠠᠮᠰᠢᠭᠲᠤ ᠵᠤᠭᠠᠴᠠᠯ · ᠵᠤᠨ ᠤ ᠡᠯᠪᠡᠭ ᠪᠠᠶᠠᠯᠢᠭ ᠰᠣᠨᠢᠷᠬᠠᠯᠲᠠᠢ︾ ᠪᠠᠷ ᠭᠤᠣᠯ ᠰᠡᠳᠦᠪ ᠪᠣᠯᠭᠠᠵᠤ᠂ ︽ᠽᠦᠩᠽᠢ ᠶᠢᠨ ᠰᠠᠨᠠᠭ᠎ᠠ ᠳᠦᠭᠦᠷᠡᠩ ᠪᠠᠶᠠᠷ ᠪᠠᠶᠠᠰᠬᠤᠯᠠᠩ ᠲᠠᠢ︾᠂ ︽ᠽᠦᠩᠽᠢ ᠶᠢᠨ ᠨᠠᠶᠢᠷ ᠤᠨ ᠪᠠᠶᠠᠷ ᠪᠠᠶᠠᠰᠤᠯ ᠲᠠᠢ︾ ︽ᠽᠦᠩᠽᠢ ᠶᠢᠨ ᠵᠦᠴᠦᠭᠡ︾ ᠭᠡᠬᠦ ᠳᠥᠷᠪᠡᠨ ᠬᠡᠰᠡᠭ ᠬᠤᠪᠢᠶᠠᠵᠤ᠂ ᠭᠤᠣᠯ ᠰᠡᠳᠦᠪᠲᠦ ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠲᠣᠭᠯᠠᠯᠲᠠ ᠭᠠᠷᠭᠠᠵᠤ᠂ ᠪᠣᠷᠣᠯᠠᠭᠤᠯᠭ᠎ᠠ ᠶᠢ ᠠᠬᠢᠭᠤᠯᠬᠤ ᠵᠢᠴᠢ ᠲᠣᠭᠯᠠᠭᠠᠮ ᠤᠨ ᠬᠤᠷᠰᠢᠯᠴᠠᠭ᠎ᠠ ᠶᠢ ᠤᠶᠠᠯᠳᠤᠭᠤᠯᠵᠤ᠂ ᠵᠤᠭᠠᠴᠠᠭᠰᠠᠳ ᠲᠤ ᠠᠯᠳᠠᠨ ᠵᠡᠭᠡᠯᠢ ᠶᠢᠨ ᠬᠥᠭᠵᠢᠯ ᠪᠠᠳᠠᠷᠠᠯ ᠤᠨ ᠴᠠᠭ ᠦᠶ᠎ᠡ ᠶᠢ ᠮᠡᠳᠡᠷᠡᠭᠦᠯᠵᠦ᠂ ᠤᠯᠤᠰ ᠤᠨ ᠰᠦᠯᠳᠡ ᠰᠣᠶᠣᠯ ᠤᠨ ᠬᠠᠯᠠᠭᠤᠨ ᠥᠷᠨᠢᠯᠲᠡ ᠶᠢ ᠪᠡᠶᠡᠴᠢᠯᠡᠨ ᠣᠶᠢᠯᠠᠭᠠᠭᠤᠯᠪᠠ᠃
       6 ᠰᠠᠷ᠎ᠠ ᠶᠢᠨ 8 ᠤ ᠡᠳᠦᠷ ᠪᠤᠯᠤᠨ 6 ᠰᠠᠷ᠎ᠠ ᠶᠢᠨ 9 ᠤ ᠡᠳᠦᠷ ᠤᠨ ᠤᠷᠤᠢ᠂ ︽ᠮᠠᠷᠠᠽᠤᠨ ᠢ ᠤᠬᠳᠤᠬᠤ ᠰᠦᠨᠢ︾ ᠶᠢᠨ ᠵᠡᠬᠡᠯᠢ ᠭᠤᠳᠤᠮᠵᠢ ᠶᠢᠨ ᠲᠠᠭᠤᠤ ᠶᠢᠨ ᠲᠤᠭᠯᠠᠯᠳᠠ ᠨᠢ ᠮᠤᠷ ᠬᠤᠳᠠ ᠳᠤ ᠶᠠᠪᠤᠭᠳᠠᠪᠠ᠃ ᠬᠥᠭᠵᠢᠶᠡᠨ ᠨᠠᠷᠭᠢᠶᠠᠨᠲᠤ ᠵᠡᠭᠡᠯᠢ ᠳᠡᠭᠡᠷ᠎ᠡ᠂ ᠭᠡᠷᠡᠯ ᠰᠠᠴᠤᠷᠠᠭᠰᠠᠨ ᠳ᠋ᠧᠩ ᠤᠨ ᠭᠡᠷᠡᠯ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠬᠠᠷᠢᠯᠴᠠᠨ ᠰᠣᠯᠪᠢᠴᠠᠵᠤ᠂ ᠮᠠᠰᠢ ᠣᠯᠠᠨ ᠰᠢᠯᠢᠳᠡᠭ ᠳᠠᠭᠤᠴᠢᠨ ᠪᠣᠯᠤᠨ ᠬᠥᠭᠵᠢᠮ ᠤᠨ ᠠᠩᠭᠢ ᠡᠭᠡᠯᠵᠢᠯᠡᠨ ᠲᠠᠶᠢᠰᠠᠨ ᠳᠤ ᠭᠠᠷᠴᠤ᠂ ᠨᠢᠭᠡᠨ ᠪᠠᠳᠠᠭ ᠰᠡᠳᠬᠢᠯ ᠬᠥᠳᠡᠯᠭᠡᠮ᠎ᠡ ᠲᠡᠭᠦᠯᠳᠡᠷ ᠳᠠᠭᠤᠤ ᠠᠪᠴᠢᠷᠠᠵᠤ᠂ ᠭᠱᠠᠨ ᠵᠠᠭᠤᠷ᠎ᠠ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠰᠡᠳᠬᠢᠯᠭᠡ ᠶᠢ ᠬᠥᠭᠵᠢᠭᠡᠪᠡ᠃ ᠰᠣᠩᠭᠤᠳᠠᠭ ᠠᠶᠠᠰ ᠠᠴᠠ ᠳᠡᠯᠭᠡᠷᠡᠭᠰᠡᠨ ᠠᠶᠢᠵᠠᠮ ᠬᠦᠷᠲᠡᠯ᠎ᠡ᠂ ᠠᠪᠢᠶᠠᠨ ᠤ ᠲᠡᠮᠳᠡᠭ ᠨᠢᠭᠡᠪᠦᠷᠢ ᠨᠢ ᠷᠢᠳᠢ ᠰᠢᠳᠢ ᠲᠠᠢ᠂ ᠬᠥᠮᠦᠰ ᠢ ᠡᠵᠡᠨ ᠮᠡᠳᠡᠨ ᠳᠠᠭᠠᠵᠤ ᠠᠶᠢᠵᠠᠮ ᠴᠣᠬᠢᠯᠭ᠎ᠠ ᠲᠠᠢ ᠪᠣᠯᠭᠠᠵᠤ᠂ ᠲᠤᠬᠠᠶ ᠶᠢᠨ ᠲᠠᠯᠠᠪᠤᠷ ᠤᠨ ᠦᠵᠡᠭᠴᠢᠳ ᠡᠨᠡ ᠤᠳᠠᠭᠠᠨ ᠤ ᠳᠠᠭᠤᠤ ᠬᠥᠭᠵᠢᠮ ᠤᠨ ᠦᠪᠡᠳᠡᠭᠰᠢ ᠨᠠᠶᠢᠷ ᠲᠤ ᠰᠣᠭᠲᠣᠭᠤᠷᠠᠭᠤᠯᠵᠤ᠂ ᠪᠠᠶᠠᠷᠯᠠᠨ ᠬᠠᠰᠬᠢᠷᠬᠤ ᠳᠠᠭᠤᠨ ᠪᠠ ᠠᠯᠠᠭ᠎ᠠ ᠲᠠᠰᠢᠯᠳᠠ ᠶᠢᠨ ᠳᠠᠭᠤᠨ ᠠᠳᠡ ᠴᠤᠤᠷᠢᠶᠠᠲᠤᠵᠤ᠂ ᠬᠢᠵᠠᠭᠠᠯᠠᠰᠢ ᠦᠭᠡᠢ ᠬᠠᠯᠠᠭᠤᠨ ᠰᠡᠳᠬᠢᠯᠭᠡ ᠪᠠᠷ ᠤᠳᠠᠯ ᠦᠭᠡᠢ ᠬᠦᠷᠴᠦ ᠢᠷᠡᠬᠦ ᠮᠠᠷᠠᠽᠤᠨ ᠤᠷᠤᠯᠳᠤᠭᠠᠨ ᠢ ᠤᠭᠲᠤᠪᠠ᠃
     6 ᠰᠠᠷ᠎ᠠ ᠶᠢᠨ 9 ᠤ ᠡᠳᠦᠷ᠂ ︽ᠱᠧᠩ ᠬᠦᠩ · ᠱᠧᠩ ᠬᠦᠩ · ᠪᠤᠭᠤᠲᠤ ᠬᠤᠲᠠ︾ - ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠢ ᠳᠥᠷᠪᠡ ᠲᠠᠪᠤᠨ ᠣᠳᠣᠨ ᠳᠡᠰ ᠤᠨ ᠣᠯᠠᠨ ᠲᠦᠮᠡᠨ ᠤ ᠤᠷᠠᠨ ᠰᠠᠢᠬᠠᠨ ᠤ ᠪᠦᠯᠬᠦᠮ ᠤᠨ ᠫᠠᠢᠰᠠ ᠣᠯᠭᠤᠬᠤ ᠶᠣᠰᠣᠯᠠᠯ ᠵᠢᠴᠢ ᠣᠯᠠᠨ ᠲᠦᠮᠡᠨ ᠤ ᠤᠷᠠᠨ ᠰᠠᠢᠬᠠᠨ ᠤ ᠪᠦᠯᠬᠦᠮ ᠤᠨ ᠦᠵᠡᠭᠦᠯᠦᠯᠭᠡ ᠶᠢᠨ ᠠᠵᠢᠯᠯᠠᠭ᠎ᠠ 6 ᠰᠠᠷ᠎ᠠ ᠶᠢᠨ 9 ᠤ ᠡᠳᠦᠷ ᠶᠠᠪᠤᠭᠳᠠᠪᠠ᠃ ᠦᠵᠡᠭᠦᠯᠦᠯᠭᠡ ᠶᠢᠨ ᠲᠣᠭᠯᠠᠯᠲᠠ ᠨᠢ ︽ᠪᠠᠶᠢᠭᠠᠯᠢ ᠶᠢᠨ ᠬᠡᠷᠡᠯ ᠬᠢᠯᠪᠠᠭ᠎ᠠ︾ ᠶᠢᠨ ᠳᠤᠮᠳᠠ ᠬᠥᠰᠢᠭᠡ ᠪᠠᠨ ᠰᠡᠬᠦᠪᠡ᠃ ᠮᠣᠩᠭᠤᠯ ᠤᠷᠲᠤ ᠶᠢᠨ ᠳᠠᠭᠤᠤ᠂ ᠪᠥᠵᠢᠭ᠂ ᠨᠠᠶᠢᠷᠠᠯ ᠳᠠᠭᠤᠤ᠂ ᠰᠢ ᠵᠦᠴᠦᠭᠡ ᠵᠡᠷᠭᠡ ᠣᠯᠠᠨ ᠵᠦᠢᠯ ᠤᠨ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠ ᠤᠷᠠᠨ ᠨᠠᠷᠢᠯᠢᠭ ᠤᠷ᠎ᠠ ᠮᠡᠷᠭᠡᠵᠢᠯ ᠢᠶᠠᠷ ᠢᠶᠠᠨ ᠮᠠᠨ ᠤ ᠬᠤᠲᠠ ᠶᠢᠨ ᠥᠨᠢᠷ ᠪᠠᠶᠠᠯᠢᠭ ᠰᠠᠶᠢᠬᠠᠨ ᠦᠵᠡᠮᠵᠢ ᠶᠢ ᠵᠢᠷᠤᠭᠯᠠᠵᠤ᠂ ᠮᠠᠨ ᠤ ᠬᠤᠲᠠ ᠶᠢᠨ ᠵᠢᠱᠢᠶ᠎ᠡ ᠦᠵᠡᠭᠦᠯᠬᠦ ᠣᠳᠣᠨ ᠲᠠᠰ ᠤᠨ ᠣᠯᠠᠨ ᠲᠦᠮᠡᠨ ᠤ ᠰᠣᠶᠣᠯ ᠤᠨ ᠪᠦᠯᠬᠦᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠲᠦᠮᠡᠨ ᠤ ᠰᠣᠶᠣᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠵᠠᠢ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1