ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ 5 ᠰᠠᠷ᠎ᠠ ᠳᠤ ᠣᠨᠴᠠ ᠬᠦᠴᠢᠷᠳᠡᠯᠲᠡᠶ ᠬᠥᠮᠦᠰ ᠤᠨ ᠡᠯ᠎ᠡ ᠵᠦᠢᠯ ᠤᠨ ᠵᠠᠷᠤᠳᠠᠯ ᠢ ᠲᠠᠷᠬᠠᠭᠠᠪᠠ
ᠨᠡᠶᠢᠲᠡᠯᠡᠭᠰᠡᠨ ᠴᠠᠭ᠄
2024/6/18
      ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠦᠨᠳᠦᠰᠦᠨ ᠵᠦᠢᠯ ᠢ ᠪᠠᠲᠤᠯᠠᠬᠤ ᠠᠪᠤᠷᠠᠨ ᠲᠤᠰᠠᠯᠠᠬᠤ ᠡᠭᠦᠷᠭᠡ ᠴᠢᠳᠠᠪᠤᠷᠢ ᠶᠢ ᠭᠦᠶ᠋ᠴᠡᠳ ᠪᠠᠳᠠᠷᠠᠭᠤᠯᠵᠤ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠥᠳᠡᠯᠮᠦᠷᠢᠯᠡᠬᠦ ᠴᠢᠳᠠᠪᠤᠷᠢ ᠥᠬᠡᠶ᠂ ᠠᠮᠢᠳᠤᠷᠠᠯ ᠤᠨ ᠢᠷᠡᠯᠲᠡ ᠥᠬᠡᠶ᠂ ᠠᠰᠠᠷᠠᠨ ᠲᠡᠵᠢᠭᠡᠬᠦ ᠡᠭᠦᠷᠭᠡ ᠥᠬᠡᠶ ᠬᠥᠮᠦᠨ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ ᠥᠬᠡᠶ ᠬᠤᠲᠠ ᠬᠥᠳᠡᠭᠡ ᠶᠢᠨ ᠨᠠᠰᠤᠲᠠᠶᠢᠴᠤᠳ᠂ ᠵᠡᠮᠳᠡᠭᠴᠦᠳ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠨ᠎ᠠ᠃      2024 ᠣᠨ ᠤ 5 ᠰᠠᠷ᠎ᠠ ᠶᠢᠨ 10 ᠤ ᠡᠳᠦᠷ᠂ ᠪᠦᠬᠦᠨ ᠳᠤ ᠪᠦᠬᠦᠨ ᠳᠤ ᠳᠣᠭᠢᠷᠠᠬᠤ ᠺᠠᠷᠲ ᠤᠨ ᠰᠢᠰᠲ᠋ᠧᠮ ᠢᠶᠠᠷ ᠳᠠᠮᠵᠢᠭᠤᠯᠤᠨ ᠪᠥᠬᠦ ᠣᠷᠣᠨ ᠤ 250 ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠲᠤ 2024 ᠣᠨ ᠤ 5 ᠰᠠᠷ᠎ᠠ ᠶᠢᠨ 42.38 ᠲᠦᠮᠡᠨ ᠲᠥᠭᠦᠷᠢᠭ ᠤᠨ ᠠᠮᠢᠳᠤᠷᠠᠯ ᠤᠨ ᠠᠰᠠᠷᠠᠨ ᠲᠡᠵᠢᠭᠡᠬᠦ ᠵᠠᠷᠤᠳᠠᠯ ᠢ ᠨᠢᠭᠡ ᠯᠡ ᠤᠳᠠᠭ᠎ᠠ ᠳᠤ 42.38 ᠲᠦᠮᠡᠨ ᠲᠥᠭᠦᠷᠢᠭ ᠲᠠᠷᠬᠠᠭᠠᠵᠤ᠂ ᠠᠰᠠᠷᠠᠨ ᠲᠡᠵᠢᠭᠡᠬᠦ ᠵᠠᠷᠤᠳᠠᠯ ᠢ 16.38 ᠲᠦᠮᠡᠨ ᠲᠥᠭᠦᠷᠢᠭ ᠣᠯᠭᠤᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ᠂ ᠠᠰᠠᠷᠠᠨ ᠲᠡᠵᠢᠭᠡᠬᠦ ᠶᠣᠰᠣᠲᠠᠶ ᠶᠢ ᠨᠢ ᠴᠥᠮ ᠲᠡᠵᠢᠭᠡᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠶ ᠣᠯᠠᠨ ᠲᠦᠮᠡᠨ ᠤ ᠰᠡᠳᠬᠢᠯ ᠳᠤ ᠦᠨᠡᠨ ᠬᠦ ᠬᠦᠷᠭᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1