| ᠨᠢᠭᠡ ᠳᠤ᠂ ᠣᠯᠠᠨ ᠠᠷᠭ᠎ᠠ ᠵᠠᠮ ᠢᠶᠠᠷ ᠥᠷᠭᠡᠨ ᠢᠶᠠᠷ ᠤᠬᠠᠭᠤᠯᠬᠤ ᠬᠡᠷᠡᠭᠲᠡᠢ᠃ ︽ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ︾ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ | ᠭᠡᠮ ᠤᠨ ᠭᠡᠷᠡᠴᠢᠯᠡᠯ ᠢ ᠤᠬᠠᠭᠤᠯᠵᠤ᠂ ᠣᠯᠭᠤᠮᠵᠢ ᠠᠪᠴᠤ ᠪᠠᠶᠢᠭ᠎ᠠ ᠬᠥᠮᠦᠰ ᠲᠤ ᠸᠢᠴᠠᠲ ᠤᠨ ᠣᠯᠠᠨ ᠨᠡᠶᠢᠲᠡ ᠶᠢᠨ | ᠳ᠋ᠤᠭᠠᠷ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︾ ᠪᠤᠶᠤ ︽ | ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ APP ᠶᠢ | ᠭᠦᠢᠴᠡᠳ ᠠᠰᠢᠭᠯᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠡᠷᠡᠴᠢᠯᠡᠯ ᠬᠢᠵᠦ᠂ ᠭᠡᠷᠡᠴᠢᠯᠡᠭᠡ ᠶᠢᠨ | ᠠᠵᠢᠯ ᠤᠨ ᠬᠠᠮᠤᠷᠬᠤ ᠬᠡᠪᠴᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ᠬᠤᠶᠠᠷ ᠲᠤ᠂ ᠣᠯᠠᠨ ᠠᠷᠭ᠎ᠠ ᠠᠪᠴᠡᠯ ᠢᠶᠠᠷ ᠰᠠᠶᠢᠲᠤᠷ ᠦᠢᠯᠡᠴᠢᠯᠡᠬᠦ ᠬᠡᠷᠡᠭᠲᠡᠢ᠃ ᠵᠡᠮᠳᠡᠭ ᠪᠣᠯᠤᠭᠰᠠᠨ᠂ | ᠥᠨᠳᠥᠷ ᠨᠠᠰᠤᠲᠠᠢ ᠬᠥᠳᠡᠯᠵᠦ ᠪᠠᠷᠢᠬᠤ ᠳᠤ ᠳᠥᠭᠦᠮ ᠦᠭᠡᠢ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ | ᠦᠭᠡᠢ ᠨᠠᠰᠤᠲᠠᠨ ᠳᠤ ᠰᠦᠯᠵᠢᠶᠡᠨ ᠤ ᠠᠵᠢᠯᠲᠠᠨ ᠡᠷᠦᠬᠡ ᠳᠤ ᠣᠷᠣᠵᠤ ᠣᠯᠠᠨ ᠲᠦᠮᠡᠨ ᠳᠤ ᠭᠡᠷ ᠲᠤᠨᠢ ᠬᠦᠷᠴᠦ | ᠭᠡᠷᠡᠴᠢᠯᠡᠬᠦ ᠦᠢᠯᠡᠴᠢᠯᠡᠭᠡ ᠬᠠᠩᠭᠠᠵᠤ᠂ ︽ᠣᠯᠠᠨ ᠲᠦᠮᠡᠨ ᠨᠠᠮᠠᠶᠢ ᠡᠷᠢᠬᠦ︾ ᠶᠢ ︽ᠪᠢ ᠣᠯᠠᠨ ᠲᠦᠮᠡᠨ ᠡᠷᠢᠬᠦ︾ | ᠪᠣᠯᠭᠠᠨ ᠬᠤᠪᠢᠷᠠᠭᠤᠯᠵᠤ᠂ ᠪᠡᠶ᠎ᠡ ᠪᠠᠷ ᠢᠶᠠᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠷ | ᠤᠲᠠᠰᠤ ᠪᠠᠷ ᠭᠡᠷᠡᠴᠢᠯᠡᠯ ᠬᠢᠯᠭᠡᠵᠦ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠭᠡᠷᠡᠴᠢᠯᠡᠭᠡ ᠳᠤ ᠢᠳᠡᠪᠬᠢᠲᠡᠢ | ᠣᠷᠣᠯᠴᠠᠭᠤᠯᠬᠤ ᠬᠡᠷᠡᠭᠲᠡᠢ᠃ | ᠭᠤᠷᠪᠠ ᠳᠤ ᠪᠣᠯᠵᠣᠬᠤ ᠦᠢᠯᠡᠴᠢᠯᠡᠭᠡ ᠬᠠᠩᠭᠠᠨ᠎ᠠ᠃ ᠰᠠᠭᠤᠭᠠᠯᠢ ᠠᠷᠠᠳ ᠬᠤᠪᠢ ᠬᠥᠮᠦᠨ ᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠤᠲᠠᠰᠤ ᠪᠠᠷ ᠬᠠᠷᠢᠯᠴᠠᠬᠤ ᠠᠵᠢᠯᠲᠠᠨ ᠢᠶᠠᠷ ᠳᠠᠮᠵᠢᠭᠤᠯᠤᠨ ᠤᠷᠢᠳᠴᠢᠯᠠᠨ | ᠪᠣᠯᠵᠣᠵᠤ ᠦᠢᠯᠡᠴᠢᠯᠡᠬᠦ ᠭᠤᠶᠤᠴᠢᠯᠠᠯ ᠭᠠᠷᠭᠠᠵᠤ᠂ ᠭᠦᠢᠴᠡᠳᠬᠡᠬᠦ ᠴᠠᠭ ᠢ ᠪᠣᠯᠵᠣᠨ ᠲᠣᠭᠲᠠᠭᠠᠵᠤ ᠪᠣᠯᠤᠨ᠎ᠠ᠃ | ᠣᠳᠣᠬᠠᠨ ᠳᠤ᠂ ᠨᠢᠭᠡᠨᠲᠡ 814 ᠬᠥᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ | ᠭᠡᠷᠡᠴᠢᠯᠡᠯ ᠠᠪᠴᠤ ᠪᠠᠶᠢᠨ᠎ᠠ᠃ | |