ᠳ᠋ᠣᠩ ᠾᠧ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ︽ᠬᠤᠤᠰ ᠲᠥᠪᠯᠡᠷᠡᠯ︾ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/7/1
    ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠤ ᠰᠠᠭᠤᠷᠢᠯᠠᠨ᠂ ᠦᠨᠳᠦᠰᠦᠲᠡᠨ ᠤ ᠰᠣᠶᠣᠯ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠠᠵᠢᠯ ᠥᠢᠯᠡᠰ ᠤᠨ ᠬᠥᠭᠵᠢᠯ ᠴᠡᠴᠡᠭᠯᠡᠯ ᠤᠨ ᠠᠵᠠ ᠲᠣᠬᠢᠶᠠᠯ ᠢ ᠠᠮᠵᠢᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠢᠯᠡᠰ ᠤᠨ ᠣᠯᠠᠨ ᠲᠠᠯ᠎ᠠ ᠪᠠᠷ ᠴᠡᠴᠡᠭᠯᠡᠨ ᠳᠡᠯᠭᠡᠷᠡᠬᠦ ᠶᠢ ᠠᠬᠢᠭᠤᠯᠪᠠ᠃     ᠦᠵᠡᠯ ᠤᠬᠠᠮᠰᠠᠷ ᠤᠨ ᠦᠨᠳᠦᠰᠦ ᠰᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠮᠡᠳᠡᠷᠡᠮᠵᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠲᠥᠯᠥᠨ ᠳᠠᠭᠠᠭᠤᠯᠬᠤ ︽ᠦᠨᠳᠦᠰᠦ︾ ᠪᠠ ︽ᠰᠦᠭ ᠰᠦᠨᠡᠰᠦ︾ ᠪᠣᠯᠭᠠᠨ᠎ᠠ᠃ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠳᠤᠮᠳᠠᠳᠤ ᠶᠢᠨ ᠬᠦᠰᠡᠯᠡᠩ ᠢ ᠰᠡᠳᠬᠢᠯ ᠨᠢᠭᠡᠳᠦᠨ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠶ ᠬᠠᠷᠠᠯᠲᠠ ᠶᠢ ᠪᠠᠲᠤ ᠡᠵᠡᠮᠳᠡᠵᠦ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠵᠢᠴᠢ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠨ᠎ᠠ᠃ ︽ᠦᠨᠳᠦᠰᠦᠲᠡᠨ ᠤ ᠪᠦᠯᠬᠦᠮᠳᠡᠯ ᠢᠶᠠᠷ ᠰᠡᠳᠬᠢᠯ ᠢᠶᠠᠨ ᠨᠢᠭᠡᠳᠬᠡᠬᠦ︾ ᠪᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠪᠠᠶᠢᠭᠤᠯᠭ᠎ᠠ ᠳᠤ ᠣᠷᠣᠬᠤ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢ ᠠᠬᠢᠭᠤᠯᠬᠤ ᠤᠬᠠᠭᠤᠯᠭ᠎ᠠ᠂ ᠠᠬᠢᠭᠤᠯᠬᠤ ᠬᠥᠮᠦᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠢ ᠪᠣᠯᠭᠠᠵᠤ᠂ ᠪᠦᠬᠦ ᠲᠤᠪᠴᠢᠶᠠᠨ ᠤ ᠺᠠᠳ᠋ᠷ ᠠᠵᠢᠯᠲᠠᠨ ᠤ ᠦᠨᠳᠦᠰᠦᠲᠡᠨ ᠤ ᠪᠦᠯᠬᠦᠮᠳᠡᠯ ᠤᠨ ᠲᠤᠬᠠᠢ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠭᠠᠷ ᠬᠤᠯᠪᠣᠨ ᠲᠦᠯᠬᠢᠨ ᠠᠬᠢᠭᠤᠯᠤᠨ᠎ᠠ᠃     ᠬᠢᠨᠠᠨ ᠪᠤᠳᠤᠬᠤ ᠬᠢᠨᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠪᠠᠲᠤᠯᠠᠬᠤ ᠶᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠪᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠥᠷᠨᠢᠭᠦᠯᠵᠦ᠂ ᠭᠤᠤᠯ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠦᠨᠳᠦᠰᠦᠲᠡᠨ ᠤ ᠠᠵᠢᠯ ᠥᠢᠯᠡᠰ ᠤᠨ ᠬᠥᠭᠵᠢᠯᠲᠡ ᠶᠢᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠲᠥᠷᠥᠯ ᠵᠥᠢᠯ ᠤᠨ ᠬᠢᠨᠠᠨ ᠪᠤᠳᠤᠯᠲᠠ ᠶᠢ ᠥᠷᠨᠢᠭᠦᠯᠵᠦ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠥᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1