ᠪᠠᠶᠠᠷ ᠬᠦᠷᠭᠡᠶ᠎ᠡ︕ ︽ᠪᠤᠭᠤᠲᠤ ᠶᠢᠨ ᠶᠣᠰᠣᠨ ᠲᠠᠢ︾ ᠪᠣᠳᠠᠲᠤ ᠴᠣᠭᠴᠠ ᠶᠢᠨ ᠳᠡᠯᠭᠡᠭᠦᠷ ᠢ ᠵᠠᠷᠯᠠᠨ ᠨᠡᠶᠢᠲᠡᠯᠡᠵᠦ᠂ ᠳ᠋ᠦᠩ ᠾᠧ ᠲᠣᠭᠤᠷᠢᠭ ᠤᠨ 2 ᠡᠷᠦᠬᠡ ᠰᠣᠩᠭᠤᠭᠳᠠᠪᠠ
ᠨᠡᠶᠢᠲᠡᠯᠡᠭᠰᠡᠨ ᠴᠠᠭ᠄
2024/7/1
  ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠤᠭᠤᠲᠤ ᠶᠢᠨ ᠲᠣᠰ ᠭᠠᠵᠠᠷ ᠣᠷᠣᠨ ᠤ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠲᠠ ᠶᠢᠨ ᠠᠩᠬᠠᠳᠠᠭᠴᠢ ︽ᠪᠤᠭᠤᠲᠤ ᠶᠢᠨ ᠶᠣᠰᠣᠨ ᠲᠠᠢ︾ ᠪᠣᠳᠠᠲᠤ ᠴᠣᠭᠴᠠ ᠶᠢᠨ ᠳᠡᠯᠭᠡᠭᠦᠷ ᠳᠤᠮᠳᠠᠳᠤ ᠤᠯᠤᠰ ᠤᠨ ᠴᠢᠯᠠᠭᠤᠨ ᠲᠣᠰᠣᠨ ᠤ ᠴᠢᠩ ᠱᠠᠨ ᠲᠣᠰᠣ ᠨᠡᠮᠡᠬᠦ ᠥᠷᠲᠡᠭᠡ ᠳᠤ ᠬᠦᠷᠦᠭᠰᠡᠨ ᠤ ᠳᠠᠷᠠᠭ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ︽ᠪᠤᠭᠤᠲᠤ ᠶᠢᠨ ᠶᠣᠰᠣᠨ ᠲᠠᠢ︾ ᠪᠣᠳᠠᠲᠤ ᠴᠣᠭᠴᠠ ᠶᠢᠨ ᠳᠡᠯᠭᠡᠭᠦᠷ ᠠᠴᠠ ᠡᠷᠬᠡ ᠣᠯᠭᠤᠭᠰᠠᠨ 21 ᠠᠵᠤ ᠠᠬᠤᠶᠢᠯᠠᠯ ᠳᠤ ᠫᠠᠶᠢᠰᠠ ᠣᠯᠭᠤᠵᠤ᠂ ᠣᠲᠣ ᠨᠡᠶᠢᠲᠡᠯᠡᠪᠡ᠃ᠳ᠋ᠦᠩ ᠾᠧ ᠲᠣᠭᠤᠷᠢᠭ ᠤᠨ ᠰᠣᠩᠭᠤᠭᠳᠠᠭᠰᠠᠨ ᠬᠤᠶᠠᠷ ᠡᠷᠦᠬᠡ    ᠲᠣᠪᠴᠢ ᠲᠠᠨᠢᠯᠴᠠᠭᠤᠯᠭ᠎ᠠ᠄ ᠳ᠋ᠦᠩ ᠾᠧ ᠲᠣᠭᠤᠷᠢᠭ ᠤᠨ ᠠᠯᠲᠠᠨ ᠵᠡᠭᠡᠯᠢ ᠶᠢᠨ ᠪᠡᠯᠡᠭ ᠤᠨ ᠦᠵᠡᠭᠦᠯᠦᠯᠭᠡ ᠶᠢᠨ ᠲᠢᠩᠬᠢᠮ ᠨᠢ ᠠᠯᠲᠠᠨ ᠵᠡᠭᠡᠯᠢ ᠶᠢᠨ 20 ᠳ᠋ᠤᠭᠠᠷ 106 ᠳ᠋ᠤᠭᠠᠷ ᠨᠣᠮᠧᠷ ᠲᠤ ᠪᠠᠶᠢᠷᠢᠯᠠᠵᠤ᠂ ᠳᠣᠲᠣᠷ᠎ᠠ ᠨᠢ ᠭᠦᠨ ᠵᠤᠵᠠᠭᠠᠨ ᠰᠣᠶᠣᠯ ᠤᠨ ᠡᠯᠧᠮᠧᠨ᠋ᠲ ᠪᠠᠶᠢᠳᠠᠭ᠂ ᠵᠢᠱᠢᠶᠡᠯᠡᠪᠡᠯ ᠠ ᠶᠢᠨ ᠵᠠᠩᠭᠤᠶᠢᠳᠠ ᠪᠣᠯᠤᠨ ᠲᠡᠭᠦᠨ ᠤ ᠵᠢᠵᠢᠭ ᠯᠦᠸᠧ ᠱᠧᠩ ᠰᠢᠷᠢᠰ ᠦᠢᠯᠡᠳᠭᠦᠨ ᠪᠠᠶᠢᠨ᠎ᠠ︔ ᠮᠠᠯᠠᠭᠠᠶ᠂ ᠲᠦᠯᠬᠢᠭᠦᠷ ᠤᠨ ᠭᠢᠨᠵᠢ᠂᠂ ᠬᠡᠦᠬᠡᠯᠳᠡᠢ ᠳᠡᠪᠢᠭᠦᠷ᠂ ᠳᠡᠪᠢᠭᠦᠷ ᠱᠠᠯᠠ᠂ ᠬᠥᠷᠥᠭᠡᠭᠴᠢ ᠪᠠᠷ ᠨᠠᠭᠠᠭᠰᠠᠨ ᠵᠡᠷᠭᠡ ᠲᠥᠯᠥᠭᠡᠯᠡᠬᠦ ᠡᠳ᠋ ᠪᠣᠳᠠᠰ ᠪᠠᠶᠢᠨ᠎ᠠ᠃
   ᠲᠣᠪᠴᠢ ᠲᠠᠨᠢᠯᠴᠠᠭᠤᠯᠭ᠎ᠠ᠄ ᠳ᠋ᠦᠩ ᠾᠧ ᠲᠣᠭᠤᠷᠢᠭ ‍ᠤᠨ‌ᠠᠯᠲᠠᠨ ᠵᠡᠭᠡᠯᠢ ᠶᠢᠨ 21-104  ᠯᠢᠦ ᠾᠧ  ᠳᠡᠷ᠎ᠡ ᠪᠣᠢ᠃ ︽ᠯᠢᠦ ᠾᠧ  ᠳᠡᠷ᠎ᠡ︾  ᠵᠢᠷᠭᠤᠭᠠᠨ ᠴᠣᠭᠤᠯᠪᠤᠷᠢ ᠴᠡᠴᠡᠭ ᠤᠨ ᠳᠡᠷ᠎ᠡ ᠭᠡᠳᠡᠭ᠂ ᠡᠨᠡ ᠨᠢ ᠣᠷᠳᠣᠨ ᠤ ᠳᠡᠷ᠎ᠡ ᠬᠡᠷᠡᠭᠯᠡᠬᠦ᠂ ᠨᠠᠷᠢᠯᠢᠭ ᠬᠢᠴᠡᠲᠡᠶ ᠣᠶᠣᠬᠤ ᠠᠵᠢᠯ ᠤᠨ ᠳᠡᠰ ᠳᠠᠷᠠᠭᠠᠯᠠᠯ ᠨᠢ ᠪᠤᠳᠤᠯᠢᠶᠠᠨᠲᠠᠶ᠂ ᠣᠶᠣᠵᠤ ᠦᠢᠯᠡᠳᠬᠦ ᠠᠷᠭ᠎ᠠ ᠨᠢ ᠵᠠᠭᠤᠨ ᠵᠢᠯ ᠤᠨ ᠭᠡᠷ ᠪᠦᠯᠢ ᠳᠤ ᠤᠯᠠᠮᠵᠢᠯᠠᠭᠳᠠᠵᠤ᠂ 2008 ᠣᠨ ᠳᠤ ᠬᠠᠭᠠᠨ ᠤ ᠣᠷᠳᠣᠨ ᠤ ᠮᠦᠽᠧᠶ ᠳᠤ ᠣᠷᠣᠵᠤ᠂ ᠲᠣᠷᠭ᠎ᠠ ᠳᠤᠷᠳᠤᠩ ᠤᠨ ᠣᠷᠳᠣᠨ ᠳᠤ ᠳᠡᠷ᠎ᠡ ᠶᠢᠨ ᠬᠡᠷᠡᠭᠰᠡᠯ ᠰᠣᠩᠭᠤᠵᠤ᠂  ᠣᠳᠣ ᠪᠣᠯᠲᠠᠯ᠎ᠠ ᠬᠤᠳᠠᠯᠳᠤᠵᠤ ᠪᠠᠶᠢᠨ᠎ᠠ᠃ ᠳᠡᠷ᠎ᠡ ᠲᠠᠢ ᠵᠢᠷᠭᠤᠭᠠᠨ ᠲᠠᠯ᠎ᠠ ᠨᠢ ᠵᠡᠭᠦᠨ ᠡᠮᠦᠨᠡᠲᠦ ᠪᠠᠷᠠᠭᠤᠨ ᠬᠤᠶᠢᠲᠤ ᠶᠢᠨ ᠲᠩᠷᠢ ᠭᠠᠵᠠᠷ ᠤᠨ ᠵᠢᠷᠭᠤᠭᠠᠨ ᠵᠦᠭ ᠢ ᠲᠥᠯᠥᠭᠡᠯᠡᠵᠦ᠂ ᠨᠡᠶᠢᠯᠡᠭᠡᠳ ᠵᠢᠷᠭᠤᠭᠠᠨ ᠲᠠᠯ᠎ᠠ ᠨᠢ ᠨᠡᠶᠢᠯᠡᠵᠦ ᠂  ᠡᠶ᠎ᠡ ᠨᠠᠶᠢᠷᠠᠮᠳᠦ᠂ ᠨᠦᠬᠡ ᠠᠳᠠᠯᠢᠬᠠᠨ ᠶᠣᠭᠲᠠ ᠤᠳᠬ᠎ᠠ ᠲᠠᠢ ᠲᠩᠷᠢ ᠭᠠᠵᠠᠷ ᠢ ᠨᠢᠭᠡᠳᠬᠡᠵᠦ᠂ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠨ᠂ ᠳᠡᠯᠡᠬᠡᠢ ᠳ᠋ᠠᠬᠢᠨ ᠳᠤ ᠨᠡᠪᠲᠡᠷᠡᠨ᠎ᠡ᠃
 
ᠢᠷᠡᠯᠲᠡ᠄ ᠪᠤᠭᠤᠲᠤ ᠶᠢᠨ ᠰᠣᠶᠣᠯ ᠵᠢᠭᠤᠯᠴᠢᠯᠠᠯ ᠤᠨ ᠱᠤᠭᠤᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1