ᠳ᠋ᠦᠩ ᠾᠧ ᠲᠣᠭᠤᠷᠢᠭ ᠤᠨ 2024 ᠣᠨ ᠤ 1 - 2 ᠰᠠᠷ᠎ᠠ ᠶᠢᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/1
   ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    ᠠᠵᠤ ᠥᠢᠯᠡᠳᠪᠦᠷᠢ ᠶᠢᠨ ᠥᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠪᠠᠲᠤᠯᠠᠵᠤ᠂ 1 - 2 ᠰᠠᠷ᠎ᠠ ᠳᠤ᠂ ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.2 ᠵᠠᠭᠤᠨ ᠤ ᠴᠡᠭ ᠳᠡᠭᠡᠭᠰᠢᠯᠡᠵᠦ᠂ ᠬᠤᠶᠠᠷ ᠵᠢᠯ ᠳᠤ ᠳᠤᠮᠳᠠᠴᠢ ᠪᠠᠷ 0.6 % ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 3.3 ᠵᠠᠭᠤᠨ ᠤ ᠴᠡᠭ ᠳᠤᠤᠷ᠎ᠠ ᠪᠠᠶᠢᠵᠤ᠂ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢ ᠠᠴᠠ 6.4 ᠵᠠᠭᠤᠨ ᠤ ᠴᠡᠭ ᠥᠨᠳᠥᠷ ᠪᠣᠯᠪᠠ᠃    ᠬᠤᠶᠠᠷ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ 1 - 2 ᠳ᠋ᠤᠭᠠᠷ ᠰᠠᠷ᠎ᠠ ᠳᠤ᠂ ᠳ᠋ᠦᠩ ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 123.5 % ᠨᠡᠮᠡᠭᠳᠡᠵᠦ᠂ ᠪᠦᠬᠦ ᠬᠤᠲᠠ ᠳᠤ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 164.3 ᠵᠠᠭᠤᠨ ᠤ ᠴᠡᠭ ᠳᠡᠭᠡᠭᠰᠢᠯᠡᠵᠦ᠂ ᠬᠤᠶᠠᠷ ᠵᠢᠯ ᠳᠤ ᠳᠤᠮᠳᠠᠴᠢ ᠪᠠᠷ 15 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠤᠰ ᠲᠤᠰ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ 119.3᠂ 91.7 ᠪᠠ 83 ᠵᠠᠭᠤᠨ ᠤ ᠴᠡᠭ ᠠᠴᠠ ᠥᠨᠳᠥᠷ ᠪᠣᠯᠪᠠ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ    ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠰᠡᠷᠭᠦᠵᠦ᠂ 1 - 2 ᠰᠠᠷ᠎ᠠ ᠳᠤ᠂ ᠳ᠋ᠦᠩ ᠾᠧ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 30.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3 ᠵᠠᠭᠤᠨ ᠤ ᠴᠡᠭ ᠳᠤᠤᠷ᠎ᠠ ᠪᠣᠯᠵᠣ᠂ ᠬᠤᠶᠠᠷ ᠵᠢᠯ ᠳᠤ ᠳᠤᠮᠳᠠᠴᠢ ᠪᠠᠷ 2.4 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 4.6᠂ 2.8 ᠪᠠ 4 ᠵᠠᠭᠤᠨ ᠤ ᠴᠡᠭ ᠠᠴᠠ ᠳᠤᠤᠷ᠎ᠠ ᠪᠣᠯᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1