ᠳ᠋ᠦᠩ ᠾᠧ ᠲᠣᠭᠤᠷᠢᠭ ᠤᠨ 2024 ᠣᠨ ᠤ ᠨᠢᠭᠡᠳᠦᠭᠡᠷ ᠤᠯᠠᠷᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/1
   ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ    ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠭᠠᠵᠠᠷ ᠣᠷᠣᠨ ᠤ ᠥᠢᠯᠡᠳᠪᠦᠷᠢᠯᠡᠯ ᠤᠨ ᠶᠡᠷᠦᠩᠬᠡᠶ ᠥᠷᠲᠡᠭ 111.02 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠥᠯᠥ ᠬᠤᠪᠢᠰᠬᠤ ᠦᠨ᠎ᠡ ᠪᠠᠷ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 3.8 ᠵᠠᠭᠤᠨ ᠤ ᠴᠡᠭ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠢ ᠠᠴᠠ 2.7᠂ 2.1 ᠵᠠᠭᠤᠨ ᠤ ᠴᠡᠭ ᠥᠨᠳᠥᠷ ᠪᠠᠶᠢᠵᠤ᠂ ᠪᠥᠬᠦ ᠬᠤᠲᠠ ᠶᠢᠨ ᠬᠢ ᠠᠴᠠ 0.4 ᠵᠠᠭᠤᠨ ᠤ ᠴᠡᠭ ᠳᠤᠤᠷ᠎ᠠ ᠪᠣᠯᠵᠠᠶ᠃    ᠠᠵᠤ ᠥᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠥᠢᠯᠡᠰ ᠠᠳᠠᠯᠢ ᠬᠤᠭᠤᠴᠠᠭᠠᠨ ᠤ ᠬᠢ ᠠᠴᠠ 3.1 % ᠪᠠᠷ ᠨᠡᠮᠡᠭᠳᠡᠪᠡ᠃ ᠬᠤᠶᠠᠳᠤᠭᠠᠷ ᠠᠵᠤ ᠥᠢᠯᠡᠰ ᠠᠳᠠᠯᠢ ᠬᠤᠭᠤᠴᠠᠭᠠᠨ ᠤ ᠬᠢ ᠠᠴᠠ 15.4 % ᠪᠠᠷ ᠨᠡᠮᠡᠭᠳᠡᠪᠡ᠃ ᠭᠤᠷᠪᠠᠳᠤᠭᠠᠷ ᠠᠵᠤ ᠥᠢᠯᠡᠰ ᠠᠳᠠᠯᠢ ᠬᠤᠭᠤᠴᠠᠭᠠᠨ ᠤ ᠬᠢ ᠠᠴᠠ 5.3 % ᠪᠠᠷ ᠨᠡᠮᠡᠭᠳᠡᠪᠡ᠃         ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ     ᠠᠵᠤ ᠥᠢᠯᠡᠳᠪᠦᠷᠢ ᠶᠢᠨ ᠥᠢᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.5 % ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 18.5 ᠵᠠᠭᠤᠨ ᠤ ᠴᠡᠭ ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 7.4᠂ 6.4 ᠵᠠᠭᠤᠨ ᠤ ᠴᠡᠭ ᠠᠴᠠ ᠥᠨᠳᠥᠷ ᠪᠣᠯᠵᠣ᠂ ᠪᠥᠬᠦ ᠬᠤᠲᠠ ᠶᠢᠨ ᠬᠢ ᠠᠴᠠ 3 ᠵᠠᠭᠤᠨ ᠤ ᠴᠡᠭ ᠳᠤᠤᠷ᠎ᠠ ᠪᠣᠯᠵᠠᠶ᠃     ᠭᠤᠷᠪᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ     ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠷᠤᠯᠲᠠ ᠶᠢ ᠳᠠᠭᠠᠭᠠᠨ ᠤᠷᠤᠭᠰᠢᠯᠠᠵᠤ᠂ ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 50.4 % ᠪᠠᠷ ᠪᠠᠭᠤᠷᠠᠵᠤ᠂ ᠳᠡᠭᠡᠷ᠎ᠡ ᠵᠢᠯ ᠤᠨ 70.9 ᠵᠠᠭᠤᠨ ᠤ ᠴᠡᠭ ᠠᠴᠠ ᠳᠤᠤᠷ᠎ᠠ ᠪᠣᠯᠵᠣ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 54.9᠂ 81.9 ᠪᠠ 70.6 ᠵᠠᠭᠤᠨ ᠤ ᠴᠡᠭ ᠠᠴᠠ ᠳᠤᠤᠷ᠎ᠠ ᠪᠣᠯᠪᠠ᠃     ᠲᠦᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ     ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 6 ᠵᠠᠭᠤᠨ ᠤ ᠴᠡᠭ ᠳᠤᠤᠷ᠎ᠠ ᠪᠣᠯᠵᠣ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠬᠢ ᠠᠴᠠ 3.2᠂ 1.3᠂ 2.7 ᠵᠠᠭᠤᠨ ᠤ ᠴᠡᠭ ᠳᠤᠤᠷ᠎ᠠ ᠪᠣᠯᠪᠠ᠃     ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14058 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6 % ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9158 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2 % ᠢᠶᠠᠷ ᠨᠡᠮᠡᠭᠳᠡᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1