ᠳ᠋ᠦᠩ ᠾᠧ ᠲᠣᠭᠤᠷᠢᠭ ᠤᠨ 2024 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ︵ᠲᠤᠭ᠎ᠠ ᠪᠠᠷᠢᠮᠲᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2024/7/1
   ᠨᠢᠭᠡ᠂ ᠭᠠᠵᠠᠷ ᠣᠷᠣᠨ ᠤ ᠥᠢᠯᠡᠳᠪᠦᠷᠢᠯᠡᠯ ᠤᠨ ᠶᠡᠷᠦᠩᠬᠡᠶ ᠥᠷᠲᠡᠭ ︵GDP︶    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠥᠢᠯᠡᠳᠪᠦᠷᠢᠯᠡᠯ ᠤᠨ ᠶᠡᠷᠦᠩᠬᠡᠶ ᠥᠷᠲᠡᠭ 111.02 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠬᠤᠲᠠ ᠶᠢᠨ ᠶᠡᠷᠦᠩᠬᠡᠶ ᠬᠡᠮᠵᠢᠶ᠎ᠡ 4 ᠳ᠋ᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ ᠪᠠᠨ 8 % ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 3.8 ᠵᠠᠭᠤᠨ ᠤ ᠴᠡᠭ ᠳᠡᠭᠡᠭᠰᠢᠯᠡᠪᠡ᠃ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵5.3 %︶᠂ ᠥᠪᠡᠷᠲᠡᠭᠡᠨ ᠵᠠᠰᠠᠬᠤ ᠣᠷᠣᠨ ︵5.9 %︶ 2.7᠂ 2.1 ᠵᠠᠭᠤᠨ ᠤ ᠴᠡᠭ ᠠᠴᠠ ᠥᠨᠳᠥᠷ ᠪᠠᠶᠢᠵᠤ᠂ ᠪᠥᠬᠦ ᠬᠤᠲᠠ ︵8.4 %︶  0.4 ᠵᠠᠭᠤᠨ ᠤ ᠴᠡᠭ ᠠᠴᠠ ᠳᠤᠤᠷ᠎ᠠ ᠪᠠᠶᠢᠪᠠ᠃    ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠦᠷᠢ ᠶᠢᠨ ᠥᠢᠯᠡᠳᠭᠦᠨ ᠤ ᠶᠡᠷᠦᠩᠬᠡᠶ ᠥᠷᠲᠡᠭ 121.35 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.5 % ᠪᠠᠷ ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 13.5 % ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.5 ᠵᠠᠭᠤᠨ ᠤ ᠴᠡᠭ ᠥᠨᠳᠥᠷ ᠪᠣᠯᠵᠣ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ 8 ᠳ᠋ᠤᠭᠠᠷ ᠲᠤ ᠣᠷᠣᠪᠠ᠃ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵6 . 1 %︶᠂ ᠥᠪᠡᠷᠲᠡᠭᠡᠨ ᠵᠠᠰᠠᠬᠤ ᠣᠷᠣᠨ ︵7.1 %︶ 7.4᠂ 6.4 ᠵᠠᠭᠤᠨ ᠤ ᠴᠡᠭ ᠠᠴᠠ ᠥᠨᠳᠥᠷ ᠪᠠᠶᠢᠵᠤ᠂ ᠪᠥᠬᠦ ᠬᠤᠲᠠ ︵16 . 5 %︶ ᠠᠴᠠ 3 ᠵᠠᠭᠤᠨ ᠤ ᠴᠡᠭ ᠳᠤᠤᠷ᠎ᠠ ᠪᠠᠶᠢᠪᠠ᠃    ᠭᠤᠷᠪᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 50.4 % ᠪᠠᠷ ᠪᠠᠭᠤᠷᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 70.9 ᠵᠠᠭᠤᠨ ᠤ ᠴᠡᠭ ᠳᠤᠤᠷ᠎ᠠ ᠪᠣᠯᠵᠣ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵4.5 % ︶᠂ ᠥᠪᠡᠷᠲᠡᠭᠡᠨ ᠵᠠᠰᠠᠬᠤ ᠣᠷᠣᠨ ︵31.5 %︶ ᠪᠠ ᠪᠥᠬᠦ ᠬᠤᠲᠠ ︵20.2 %︶ 54.9᠂ 81.9 ᠪᠠ 70.6 ᠵᠠᠭᠤᠨ ᠤ ᠴᠡᠭ ᠳᠤᠤᠷ᠎ᠠ ᠪᠣᠯᠪᠠ᠃     ᠲᠦᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 46 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6 ᠵᠠᠭᠤᠨ ᠤ ᠴᠡᠭ ᠳᠤᠤᠷ᠎ᠠ ᠪᠣᠯᠵᠣ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ 3 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 8 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵4.7 %︶᠂ ᠥᠪᠡᠷᠲᠡᠭᠡᠨ ᠵᠠᠰᠠᠬᠤ ᠣᠷᠣᠨ ︵2.8 %︶᠂ ᠪᠥᠬᠦ ᠬᠤᠲᠠ ︵4.2 %︶ ᠶᠢᠨ 3.2᠂ 1.3᠂ 2.7 ᠵᠠᠭᠤᠨ ᠤ ᠴᠡᠭ ᠠᠴᠠ ᠳᠤᠤᠷ᠎ᠠ ᠪᠣᠯᠪᠠ᠃    ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ    ᠨᠢᠭᠡᠳᠦᠭᠡᠷ ᠤᠯᠠᠷᠢᠯ ᠳᠤ᠂ ᠳ᠋ᠦᠩ ᠾᠧ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14058 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6 % ᠪᠠᠷ ᠨᠡᠮᠡᠭᠳᠡᠵᠦ᠂ ᠪᠥᠬᠦ ᠬᠤᠲᠠ ᠶᠢᠨ ᠶᠡᠷᠦᠩᠬᠡᠶ ᠬᠡᠮᠵᠢᠶ᠎ᠡ 8 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ 3 ᠳ᠋ᠤᠭᠠᠷ ᠲᠤ ᠵᠢᠭᠰᠠᠭᠠᠭᠳᠠᠵᠠᠶ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9158 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2 % ᠢᠶᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ 2 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 3 ᠳ᠋ᠤᠭᠠᠷ ᠲᠤ ᠵᠢᠭᠰᠠᠭᠠᠭᠳᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1