ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠠᠵᠤ ᠥᠢᠯᠡᠳᠪᠦᠷᠢ ᠶᠢᠨ ᠥᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠪᠠᠲᠤᠯᠠᠵᠤ᠂ 2024 ᠣᠨ ᠤ 1 - | 4 ᠳ᠋ᠦᠭᠡᠷ ᠰᠠᠷ᠎ᠠ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 10.3 % ᠨᠡᠮᠡᠭᠳᠡᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 7.1 ᠵᠠᠭᠤᠨ ᠤ ᠴᠡᠭ ᠳᠡᠭᠡᠭᠰᠢᠯᠡᠵᠦ᠂ ᠲᠣᠰ ᠲᠣᠰ ᠪᠥᠬᠦ ᠤᠯᠤᠰ᠂ ᠥᠪᠡᠷᠲᠡᠭᠡᠨ | ᠵᠠᠰᠠᠬᠤ ᠣᠷᠣᠨ ᠤ 3.6᠂ 2.8 ᠵᠠᠭᠤᠨ ᠤ ᠴᠡᠭ ᠥᠨᠳᠥᠷ ᠪᠠᠶᠢᠵᠤ᠂ ᠪᠥᠬᠦ ᠬᠤᠲᠠ ᠶᠢᠨ 4.6 ᠵᠠᠭᠤᠨ ᠤ ᠴᠡᠭ | ᠳᠤᠤᠷ᠎ᠠ ᠪᠣᠯᠪᠠ᠃ | ᠬᠤᠶᠠᠷ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠷᠤᠯᠲᠠ ᠶᠢ ᠳᠠᠭᠠᠭᠠᠨ ᠤᠷᠤᠭᠰᠢᠯᠠᠵᠤ᠂ 2024 | ᠣᠨ ᠤ 1 - 4 ᠳ᠋ᠦᠭᠡᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 33.3 % ᠪᠠᠷ ᠪᠠᠭᠤᠷᠠᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 51.9 ᠵᠠᠭᠤᠨ ᠤ ᠴᠡᠭ ᠳᠤᠤᠷ᠎ᠠ ᠪᠣᠯᠵᠣ᠂ ᠲᠣᠰ ᠲᠣᠰ ᠪᠥᠬᠦ ᠤᠯᠤᠰ᠂ ᠥᠪᠡᠷᠲᠡᠭᠡᠨ | ᠵᠠᠰᠠᠬᠤ ᠣᠷᠣᠨ ᠪᠠ ᠪᠥᠬᠦ ᠬᠤᠲᠠ ᠶᠢᠨ 37.55᠂ 54.8 ᠪᠠ 42.3 ᠵᠠᠭᠤᠨ ᠤ ᠴᠡᠭ ᠳᠤᠤᠷ᠎ᠠ ᠪᠣᠯᠪᠠ᠃ | ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ | ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠵᠦ᠂ 2024 ᠣᠨ ᠤ 1 - 4 ᠳ᠋ᠦᠭᠡᠷ | ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ | ᠲᠤᠭ᠎ᠠ 60.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.9 % ᠪᠠᠷ | ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7 ᠵᠠᠭᠤᠨ ᠤ ᠴᠡᠭ ᠳᠤᠤᠷ᠎ᠠ ᠪᠣᠯᠵᠣ᠂ ᠲᠣᠰ | ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠬᠢ ᠠᠴᠠ 0.4᠂ 0.4᠂ 1.6 | ᠵᠠᠭᠤᠨ ᠤ ᠴᠡᠭ ᠳᠤᠤᠷ᠎ᠠ ᠪᠣᠯᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ | ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 3.3 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.7 % ᠪᠠᠷ ᠨᠡᠮᠡᠭᠳᠡᠪᠡ᠃ | |