ᠳ᠋ᠦᠩ ᠾᠧ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠲᠠᠪᠤᠳᠤᠭᠠᠷ ᠤᠳᠠᠭ᠎ᠠ ᠶᠢᠨ ᠪᠦᠬᠦᠳᠡ ᠬᠤᠷᠠᠯ ᠢ  ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
   7 ᠰᠠᠷ᠎ᠠ ᠶᠢᠨ 10 ᠤ ᠡᠳᠦᠷ᠂ ᠳ᠋ᠦᠩ ᠾᠧ ᠲᠣᠭᠤᠷᠢᠭ ᠤᠨ  ᠠᠶᠤᠯᠭᠦᠢ ᠦᠢᠯᠡᠳᠪᠦᠷᠢᠯᠡᠯ ᠤᠨ ᠵᠥᠪᠯᠡᠯ  2024 ᠣᠨ ᠤ ᠲᠠᠪᠤᠳᠤᠭᠠᠷ ᠪᠦᠬᠦᠳᠡ ᠬᠤᠷᠠᠯ ᠢ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠹᠧᠩ ᠳ᠋ᠦᠩ ᠸᠠᠩ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ︽ᠰᠤᠷᠤᠯᠴᠠᠬᠤ ᠶᠢ ᠪᠠᠶᠢᠩᠭᠤᠵᠢᠭᠤᠯᠬᠤ︾ ᠶᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠲᠤᠬᠠᠢ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠪᠤᠳᠤᠯ ᠪᠠ ᠰᠤᠯᠠᠷᠠᠬᠤ ᠰᠡᠳᠬᠢᠯᠭᠡ ᠶᠢ ᠡᠷᠡᠰ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠠᠷᠠᠭᠠᠯᠬᠢᠯᠠᠯ ᠤᠨ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠪᠦᠳᠦᠭᠦᠯᠢᠭ ᠰᠣᠬᠤᠷ ᠪᠠᠯᠠᠶ ᠪᠠᠷ ᠭᠤᠣᠯᠳᠠᠯᠭ᠎ᠠ ᠶᠢ ᠡᠵᠡᠮᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠣᠨᠣᠪᠴᠢᠲᠠᠢ ᠰᠠᠶᠢᠲᠤᠷ ᠠᠳᠬᠤᠬᠤ ᠬᠡᠷᠡᠭᠲᠡᠢ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠠᠵᠢᠯ ᠤᠨ ᠪᠠᠷᠢᠮᠵᠢᠶ᠎ᠠ ᠪᠣᠯᠤᠨ ᠱᠠᠭᠠᠷᠳᠠᠯᠭ᠎ᠠ ᠲᠠᠢ ᠵᠤᠷᠪᠤᠰ ᠳᠠᠷᠠᠭᠠᠯᠠᠨ ᠬᠠᠷᠢᠴᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠭᠤᠭᠴᠤᠭ᠎ᠠ᠂ ᠴᠢᠬᠤᠯᠠ ᠶᠡᠭᠡ ᠬᠤᠷᠠᠯ ᠤᠨ ᠠᠵᠢᠯᠯᠠᠭ᠎ᠠ ᠵᠡᠷᠭᠡ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠴᠢᠩᠭ᠎ᠠ ᠪᠠᠶᠢᠴᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠤᠳᠤ ᠶᠢᠨ ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢ ᠬᠤᠭᠤᠰᠣᠨ ᠪᠣᠯᠭᠠᠬᠤ ᠠᠰᠠᠭᠤᠳᠠᠯ ᠢ ᠰᠢᠢᠳᠪᠦᠷᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠨᠢᠮᠪᠠᠢ ᠪᠣᠳᠠᠲᠠᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠲᠦᠷᠦᠭᠦᠯᠡᠨ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠰᠠᠨᠠᠭᠠᠴᠢᠯᠠᠭ᠎ᠠ ᠠᠴᠠ ᠪᠠᠨ ᠭᠠᠷ ᠳᠦᠷᠦᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠴᠥᠮ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ᠂ ᠱᠠᠭᠠᠷᠳᠠᠯᠭ᠎ᠠ ᠶᠢ ᠪᠣᠳᠠᠲᠠᠶᠢᠵᠢᠭᠤᠯᠬᠤ᠂ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠳᠤ ᠬᠤᠭᠤᠰᠣᠨ ᠵᠠᠶ ᠥᠬᠡᠶ ᠂ ᠣᠷᠣ ᠳᠤᠲᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠷᠠᠯ ᠠᠴᠠ ᠱᠠᠭᠠᠷᠳᠠᠭᠰᠠᠨ ᠨᠢ᠂ ᠣᠳᠣᠬᠠᠨ ᠳᠤ᠂ ᠪᠥᠬᠦ ᠲᠤᠭᠤᠷᠢᠭ ᠤᠨ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠶᠠᠪᠤᠳᠠᠯ ᠪᠣᠯᠬᠤᠷ ᠡᠷᠬᠡᠪᠰᠢ ᠪᠥᠬᠦ ᠬᠦᠴᠦᠨ ᠢᠶᠠᠷ ᠢᠶᠠᠨ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ ᠬᠤᠯᠪᠣᠭ᠎ᠠ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠨ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠣᠳᠠᠲᠠᠶᠢᠵᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠭᠯᠡᠭᠦᠯᠬᠦ ᠴᠢᠨᠠᠷᠲᠠᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠦᠶᠡᠷ ᠢ ᠰᠡᠷᠭᠡᠶᠢᠯᠡᠬᠦ ᠠᠯᠪᠠᠨ ᠭᠡᠷ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠴᠠᠭ ᠲᠤᠬᠠᠢ ᠳᠤᠨᠢ ᠵᠢᠭᠠᠪᠤᠷᠢ ᠠᠪᠴᠤ ᠮᠡᠳᠡᠭᠦᠯᠵᠦ᠂ ᠭᠤᠣᠯᠳᠠᠯᠭ᠎ᠠ ᠲᠠᠢ ᠵᠦᠢᠯᠡᠰ᠂ ᠭᠤᠣᠯᠳᠠᠯᠭ᠎ᠠ ᠲᠠᠢ ᠭᠡᠮ ᠰᠣᠭᠤᠭ ᠤᠨ ᠴᠡᠭ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ ᠂ ᠰᠢᠮᠳᠠᠭᠤᠯᠤᠨ ᠪᠠᠶᠢᠴᠠᠭᠠᠬᠤ᠂ ᠠᠵᠢᠯ ᠤᠨ ᠪᠠᠶᠢᠷᠢ ᠳᠤ ᠬᠦᠷᠭᠡᠬᠦ᠂ ᠲᠤᠬᠠᠢ ᠶᠢᠨ ᠲᠠᠯᠠᠪᠠᠢ ᠳᠤ ᠬᠦᠷᠬᠦ᠂ ᠨᠢᠭᠡᠳᠦᠭᠡᠷ ᠹᠷᠣᠨᠲ ᠲᠤ ᠬᠦᠷᠬᠦ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1