ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/15
   ᠮᠠᠨ ᠤ ᠲᠣᠭᠤᠷᠢᠭ ᠤ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠲᠡᠭᠡᠭᠡᠪᠦᠷᠢᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠬᠤᠲᠠ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠴᠡᠪᠡᠷ ᠲᠡᠭᠰᠢ᠂ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠪᠤᠭᠤᠲᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾᠂ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠠᠷᠢᠯᠭ᠎ᠠ ᠪᠠᠷᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢᠨ ᠡᠯ᠎ᠡ ᠲᠥᠷᠥᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠶ ᠶᠢᠨ ᠲᠣᠣᠷ ᠵᠡᠷᠭᠡ ᠵᠢᠴᠢ ᠰᠠᠭᠤᠭᠠᠯᠢ ᠠᠷᠠᠳ ᠤᠨ ᠵᠠᠰᠠᠯ ᠴᠢᠮᠡᠭᠯᠡᠯ ᠤᠨ ᠭᠡᠷ ᠪᠠᠶᠢᠰᠢᠩ ᠤᠨ ᠶᠠᠪᠤᠴᠠ ᠳᠤ ᠪᠤᠢ ᠪᠣᠯᠤᠭᠰᠠᠨ ᠬᠠᠶᠠᠭᠳᠠᠮᠠᠯ ᠰᠢᠷᠣᠶ᠂ ᠬᠠᠶᠠᠭᠳᠠᠮᠠᠯ ᠡᠳ᠋ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠤᠶ᠃   ᠬᠤᠶᠠᠷ᠂ ᠳ᠋ᠦᠩ ᠾᠧ ᠲᠣᠭᠤᠷᠢᠭ ᠤᠨ ᠬᠡᠪᠴᠢᠶᠡᠨ ᠳᠣᠲᠣᠷᠠᠬᠢ ᠪᠠᠷᠢᠯᠭ᠎ᠠ ᠶᠢᠨ ᠬᠤᠭ ᠨᠣᠪᠰᠢ ᠶᠢ ᠰᠢᠶ᠋ᠳᠪᠦᠷᠢᠯᠡᠬᠦ ᠳᠤ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶ ᠪᠣᠯᠭᠠᠬᠤ ᠪᠠ ᠬᠡᠨ ᠪᠣᠶ ᠪᠣᠯᠬᠤ᠂ ᠬᠡᠨ ᠰᠢᠶ᠋ᠳᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠵᠠᠷᠴᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠭᠤᠷᠪᠠ᠂ ᠳ᠋ᠦᠩ ᠾᠧ ᠲᠣᠭᠤᠷᠢᠭ ᠤᠨ ᠬᠡᠪᠴᠢᠶᠡᠨ ᠳᠣᠲᠣᠷᠠᠬᠢ ᠶᠠᠮᠠᠷᠪᠠ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠳᠤ ᠬᠤᠳᠬᠤᠨ ᠣᠷᠣᠭᠤᠯᠵᠤ ᠪᠣᠯᠬᠤ ᠥᠬᠡᠶ᠂ ᠠᠶᠤᠯᠲᠠᠶ ᠬᠠᠶᠠᠭᠳᠠᠮᠠᠯ ᠪᠣᠳᠠᠰ ᠢ ᠪᠠᠷᠢᠯᠭ᠎ᠠ ᠶᠢᠨ ᠬᠤᠭ ᠨᠣᠪᠰᠢ ᠳᠤ ᠬᠤᠳᠬᠤᠨ ᠣᠷᠣᠭᠤᠯᠵᠤ ᠪᠣᠯᠬᠤ ᠥᠬᠡᠶ᠂ ᠬᠠᠶᠠᠭᠳᠠᠮᠠᠯ ᠲᠠᠯᠠᠪᠤᠷ ᠭᠠᠷᠭᠠᠵᠤ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠭᠠᠷᠭᠠᠵᠤ ᠪᠣᠯᠬᠤ ᠥᠬᠡᠶ᠃    ᠳᠥᠷᠪᠡ᠂ ᠳ᠋ᠦᠩ ᠾᠧ ᠲᠣᠭᠤᠷᠢᠭ ᠤᠨ ᠬᠡᠪᠴᠢᠶᠡᠨ ᠳᠤ ᠪᠠᠷᠢᠯᠭ᠎ᠠ ᠶᠢᠨ ᠬᠤᠭ ᠨᠣᠪᠰᠢ ᠭᠠᠷᠭᠠᠬᠤ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠢ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠠᠰᠬᠠᠵᠤ ᠬᠠᠶᠠᠬᠤ ᠪᠤᠶᠤ ᠣᠪᠣᠭᠠᠯᠠᠵᠤ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠬᠤᠪᠢ ᠬᠥᠮᠦᠨ ᠳᠤ ᠲᠤᠰᠢᠶᠠᠨ ᠥᠭᠬᠦ ᠪᠤᠶᠤ ᠵᠥᠪᠰᠢᠶᠡᠷᠡᠯ ᠦᠭᠡᠢ ᠪᠠᠷ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠡ ᠳᠤ ᠲᠡᠭᠡᠭᠡᠪᠦᠷᠢᠯᠡᠭᠦᠯᠵᠦ ᠪᠣᠯᠬᠤ ᠦᠭᠡᠢ᠃    ᠲᠠᠪᠤ᠂ ᠪᠠᠷᠢᠯᠭ᠎ᠠ ᠶᠢᠨ ᠬᠤᠭ ᠨᠣᠪᠰᠢ ᠵᠥᠭᠡᠭᠡᠪᠦᠷᠢᠯᠡᠬᠦ ᠨᠢᠭᠡᠴᠡ ᠨᠦᠭᠦᠳ ᠪᠢᠲᠡᠭᠦᠮᠵᠢᠯᠡᠭᠰᠡᠨ ᠲᠤᠰᠬᠠᠶ ᠲᠡᠷᠭᠡ ᠬᠥᠰᠬᠡ ᠶᠢ ᠬᠡᠷᠡᠭᠯᠡᠵᠦ᠂ ᠨᠢᠭᠡᠳᠦᠯᠲᠡᠶ ᠲᠡᠮᠳᠡᠭ ᠲᠠᠯᠪᠢᠵᠤ᠂ ᠵᠠᠮ ᠱᠤᠭᠤᠮ᠂ ᠴᠠᠭ ᠬᠤᠭᠤᠴᠠᠭ᠎ᠠ ᠪᠠ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠭᠠᠵᠠᠷ ᠤᠨ ᠡᠯᠧᠺᠳ᠋ᠷᠣᠨ ᠮᠡᠳᠡᠭᠡ ᠵᠠᠩᠭᠢ ᠶᠢᠨ ᠲᠣᠨᠣᠭᠯᠠᠯ ᠢ ᠨᠢᠭᠡᠳᠦᠯᠲᠡᠶ ᠤᠭᠰᠠᠷᠠᠵᠤ᠂ ᠬᠡᠷᠡᠭᠯᠡᠵᠦ᠂ ᠬᠠᠷᠢᠶ᠎ᠠ ᠨᠢᠭᠡᠴᠢ ᠶᠢᠨ ︽ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠦᠨᠡᠮᠯᠡᠯ︾ ᠤᠨ ᠪᠠᠭᠤᠯᠭᠠᠪᠤᠷᠢ ᠪᠠ ︽ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ ᠬᠥᠰᠬᠡ ᠶᠢ ᠳᠠᠩᠰᠠᠯᠠᠭᠤᠯᠤᠭᠰᠠᠨ ᠦᠨᠡᠮᠯᠡᠯ︾ ᠢ ᠲᠡᠷᠭᠡᠨ ᠳᠡᠭᠡᠨ ᠠᠪᠴᠤ ᠶᠠᠪᠤᠵᠤ᠂ ᠲᠣᠭᠲᠠᠭᠰᠠᠨ ᠵᠠᠮ ᠱᠤᠭᠤᠮ᠂ ᠴᠠᠭ ᠬᠤᠭᠤᠴᠠᠭ᠎ᠠ ᠶᠣᠰᠣᠭᠠᠷ ᠪᠠᠷᠢᠯᠭ᠎ᠠ ᠶᠢᠨ ᠬᠤᠭ ᠨᠣᠪᠰᠢ ᠶᠢ ᠬᠠᠤᠯᠢ ᠶᠣᠰᠣᠭᠠᠷ ᠪᠠᠶᠢᠭᠤᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠬᠠᠳᠠᠭᠠᠯᠠᠬᠤ ᠴᠢᠭ᠂ ᠠᠷᠢᠯᠭᠠᠬᠤ ᠲᠠᠯᠠᠪᠤᠷ᠂ ᠶᠡᠷᠦᠩᠬᠡᠶᠢᠯᠡᠨ ᠠᠰᠢᠭᠯᠠᠬᠤ ᠲᠠᠯᠠᠪᠤᠷ ᠲᠤ ᠬᠦᠷᠭᠡᠵᠦ ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃    ᠵᠢᠷᠭᠤᠭ᠎ᠠ᠂ ᠲᠡᠷᠭᠡ ᠬᠥᠰᠬᠡ ᠶᠢᠨ ᠬᠥᠯᠭᠡ ᠰᠢᠪᠡᠷ ᠠᠪᠴᠤ ᠶᠠᠪᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠠᠷᠢᠯᠭ᠎ᠠ ᠶᠢᠨ ᠨᠢᠭᠡᠴᠡ ᠨᠢ ᠪᠠᠷᠢᠯᠭ᠎ᠠ ᠶᠢᠨ ᠭᠠᠵᠠᠷ ᠲᠤ ᠬᠠᠲᠠᠭᠤ ᠬᠦᠷᠢᠶ᠎ᠡ ᠭᠠᠷᠭᠠᠬᠤ ᠪᠤᠶᠤ ᠪᠦᠷᠬᠦᠬᠦ᠂ ᠬᠡᠰᠡᠭ ᠬᠤᠪᠢᠶᠠᠨ ᠠᠵᠢᠯᠯᠠᠬᠤ᠂ ᠴᠠᠭ ᠢ ᠰᠣᠩᠭᠤᠨ ᠪᠠᠷᠢᠯᠭ᠎ᠠ ᠪᠠᠷᠢᠬᠤ᠂ ᠤᠰᠤ ᠰᠦᠷᠴᠢᠨ ᠲᠣᠭᠤᠰᠣ ᠶᠢ ᠬᠤᠷᠢᠭᠯᠠᠬᠤ᠂ ᠭᠠᠵᠠᠷ ᠤᠨ ᠭᠠᠳᠠᠷᠭᠤ ᠪᠣᠯᠤᠨ ᠲᠡᠷᠭᠡ ᠬᠥᠰᠬᠡ ᠵᠡᠷᠭᠡ ᠲᠣᠭᠤᠰᠣ ᠶᠢ ᠰᠡᠷᠭᠡᠶᠢᠯᠡᠨ ᠲᠣᠭᠤᠰᠣ ᠶᠢ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠰᠢᠷᠣᠶ᠂ ᠪᠠᠷᠢᠯᠭ᠎ᠠ ᠶᠢᠨ ᠬᠤᠭ ᠰᠢᠷᠣᠶ᠂ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ᠂ ᠪᠢᠲᠡᠭᠦᠮᠵᠢᠯᠡᠭᠰᠡᠨ ᠮᠠᠶ᠋ᠢᠭ ᠤᠨ ᠲᠣᠭᠤᠰᠣ ᠶᠢ ᠰᠡᠷᠭᠡᠶᠢᠯᠡᠬᠦ ᠲᠣᠤᠷ ᠢ ᠠᠰᠢᠭᠯᠠᠨ᠎ᠠ᠃    ᠳᠣᠯᠤᠭ᠎ᠠ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠢᠨᠠᠨ ᠡᠵᠡᠮᠳᠡᠵᠦ ᠰᠢᠯᠵᠢᠭᠦᠯᠦᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ ᠬᠠᠶᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠬᠠᠶᠠᠭᠰᠠᠨ᠂ ᠳᠤᠷ᠎ᠠ ᠪᠠᠷ ᠢᠶᠠᠨ ᠬᠠᠶᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠤᠴᠢᠯᠠᠭᠤᠷ ᠢᠶᠠᠷ ᠳᠠᠮᠵᠢᠭᠤᠯᠤᠨ ᠣᠯᠠᠨ ᠳᠤ ᠢᠯᠡ ᠦᠵᠡᠭᠦᠯᠦᠨ᠎ᠡ᠃    ᠨᠠᠢᠮᠠ᠂ ᠲᠣᠰ ᠠᠯᠪᠠᠨ ᠵᠠᠷ ᠤᠨ ᠱᠠᠭᠠᠷᠳᠠᠯᠭ᠎ᠠ ᠠᠴᠠ ᠵᠥᠷᠢᠴᠡᠭᠰᠡᠨ ᠨᠢᠭᠡᠴᠡ ᠪᠠ ᠬᠤᠪᠢ ᠬᠥᠮᠦᠨ ᠢ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠰᠢᠳᠬᠡᠨ᠎ᠡ᠃    ᠶᠢᠰᠦ᠂ ᠶᠠᠮᠠᠷᠪᠠ ᠨᠢᠭᠡᠴᠡ ᠪᠠ ᠬᠤᠪᠢ ᠬᠥᠮᠦᠨ ᠲᠣᠰ ᠠᠯᠪᠠᠨ ᠵᠠᠷ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠂ ᠥᠷᠭᠡᠨ ᠣᠯᠠᠨ ᠲᠦᠮᠡᠨ ᠤ ᠢᠳᠡᠪᠬᠢᠲᠡᠶ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠪᠠᠷᠢᠯᠭ᠎ᠠ ᠶᠢᠨ ᠬᠤᠭ ᠨᠣᠪᠰᠢ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠨ ᠰᠢᠢᠳᠪᠦᠷᠢᠯᠡᠬᠦ ᠦᠢᠯᠡ ᠠᠵᠢᠯᠯᠠᠭ᠎ᠠ ᠶᠢ ᠬᠠᠮᠲᠤ ᠪᠠᠷ ᠬᠤᠷᠢᠭᠯᠠᠨ ᠵᠣᠭᠰᠣᠭᠠᠨ᠎ᠠ᠂ ᠪᠢᠳᠡ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠢᠯᠡᠴᠢᠯᠡᠨ ᠮᠡᠳᠡᠭᠦᠯᠬᠦ ᠤᠲᠠᠰᠤ᠄ 41060 23᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃    ᠳ᠋ᠦ᠋ᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    2024 ᠣᠨ ᠤ 7 ᠰᠠᠷ᠎ᠠ ᠶᠢᠨ 12 ᠤᠨ ᠡᠳᠦᠷ
 
ᠢᠷᠡᠯᠲᠡ᠄ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1