ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/17
   7 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠲᠤᠭᠤᠷᠢᠭ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳ᠋ᠦᠩ ᠲᠢᠩ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠳᠠᠯᠠᠩ ᠢ ᠰᠡᠷᠭᠡᠶᠢᠯᠡᠬᠦ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠭᠡ ᠦᠶᠡᠷ ᠢ ᠰᠡᠷᠭᠡᠶᠢᠯᠡᠬᠦ ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠦᠶᠡᠷ ᠤᠨ ᠬᠤᠭᠤᠴᠠᠭᠠᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠳᠦᠷ ᠳᠤᠳᠤᠮ ᠤᠨ ᠲᠣᠭᠤᠷᠢᠨ ᠪᠠᠶᠢᠴᠠᠭᠠᠬᠤ᠂ ᠡᠳ᠋ ᠪᠣᠳᠠᠰ ᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠵᠡᠷᠭᠡᠪᠡᠷ ᠰᠠᠶᠢᠲᠤᠷ ᠬᠢᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ᠂ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠨᠢᠭᠡ ᠪᠦᠯᠦᠭ ᠴᠢᠩᠭ᠎ᠠ ᠠᠳᠡᠭᠦᠷᠡᠯ ᠲᠠᠢ᠂ ᠦᠢᠯᠡᠳᠦᠯ ᠢᠶᠠᠷ ᠶᠡᠭᠡ᠂ ᠦᠷ᠎ᠡ ᠪᠦᠲᠦᠮᠵᠢ ᠪᠠᠷ ᠲᠦᠷᠭᠡᠨ ᠥᠭᠡᠷᠡᠴᠢᠯᠡᠯᠲᠡ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠰᠠᠶᠢᠲᠤᠷ ᠰᠦᠪᠡᠭᠴᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠪᠠᠷ ᠭᠠᠷᠳᠠᠴᠠ ᠪᠣᠯᠭᠠᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠪᠣᠭᠤᠮᠢ ᠶᠢ ᠰᠢᠪᠲᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠪᠣᠯᠣᠨ ᠮᠠᠨ ᠤ ᠣᠷᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠤᠨ ᠪᠠᠶᠢᠳᠠᠯ ᠢ ᠰᠣᠨᠣᠰᠴᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠣᠷᠣᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ ᠬᠤᠷᠠᠯ ᠠᠴᠠ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠴᠠᠭ ᠦᠶ᠎ᠡ ᠶᠢᠨ ᠨᠠᠮ ᠤᠨ ᠴᠠᠭᠳᠠᠭ᠎ᠠ ᠪᠠᠶᠢᠭᠤᠯᠬᠤ ᠴᠠᠭᠳᠠᠭ᠎ᠠ ᠶᠢ ᠵᠠᠰᠠᠬᠤ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠡᠷᠦᠩᠬᠡᠢ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠪᠠᠷ ᠳ᠋ᠦᠩ ᠾᠧ ᠲᠣᠭᠤᠷᠢᠭ ᠤᠨ ᠣᠳᠣᠬᠢᠴᠢᠯᠠᠯᠲᠠ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠤᠨ ᠲᠤᠬᠠᠶ ᠰᠠᠨᠠᠭᠤᠯᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠢ ᠠᠬᠤᠶ ᠶᠢᠨ ᠰᠡᠷᠭᠦᠭᠡᠯᠲᠡ ᠪᠠ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠳᠣᠪᠤᠶᠢᠯᠭᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠦᠵᠡᠰᠬᠦᠯᠡᠩᠲᠦ ᠰᠠᠶᠢᠬᠠᠨ ᠪᠤᠭᠤᠲᠤ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠮᠠᠨ ᠤ ᠣᠷᠣᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠦᠪᠡᠭᠴᠢ ᠶᠢ ᠰᠢᠢᠳᠪᠦᠷᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠵᠠᠰᠠᠬᠤ᠂ ᠰᠤᠷᠲᠠᠯ ᠢ ᠵᠠᠯᠠᠷᠠᠭᠤᠯᠤᠨ ᠰᠠᠮᠠᠭᠤᠷᠠᠯ ᠢ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ︽ᠢᠯᠠᠭ᠎ᠠ ᠱᠠᠮᠰᠢᠭᠴᠢ ᠰᠢᠷᠭᠤᠯᠵᠢ ᠶᠢᠨ ᠢᠯᠵᠠᠷᠠᠯ︾ ᠢ ᠥᠴᠦᠬᠡᠨ ᠴᠦ ᠠᠭᠤᠴᠢᠯᠠᠬᠤ ᠦᠭᠡᠢ ᠪᠠᠶᠢᠵᠤ᠂ ᠤᠯᠠᠨ ᠲᠦᠮᠡᠨ ᠳᠤ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠪᠡᠶ᠎ᠡ ᠪᠠᠷ ᠢᠶᠠᠨ ᠮᠡᠳᠡᠷᠡᠭᠦᠯᠵᠦ᠂ ᠲᠥᠪ ᠭᠤᠣᠯᠴᠢ ᠰᠢᠳᠤᠷᠭᠤ ᠶᠣᠰᠣ ᠳᠡᠷᠭᠡᠳᠡ ᠨᠢ ᠪᠠᠶᠢᠨ᠎ᠠ᠃ ᠬᠤᠷᠠᠯ ᠠᠴᠠ ᠪᠦᠬᠦ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠰᠤᠷᠪᠤᠯᠵᠢᠯᠠᠬᠤ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠣᠯᠤᠨ ᠨᠡᠶᠢᠭᠡᠮ ᠤᠨ ᠲᠣᠭᠲᠠᠭᠤᠨ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠦᠬᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠳᠡᠭᠡᠨ ᠪᠠ ᠡᠮ ᠤᠨ ᠵᠦᠢᠯᠡᠰ ᠤᠨ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶ᠎ᠡ ᠶᠢ ᠴᠡᠭᠴᠡᠯᠡᠨ ᠵᠠᠰᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠳᠠᠭᠠᠭᠠᠨ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ᠂ ᠠᠵᠢᠯ ᠲᠦᠷᠦᠯ ᠤᠨ ᠰᠠᠯᠠᠭ᠎ᠠ ᠮᠥᠴᠢᠷ᠂ ᠠᠵᠤ ᠠᠬᠤᠶᠢᠯᠠᠯ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠬᠤᠳᠠ ᠶᠢᠨ ᠮᠢᠩᠭᠠᠨ ᠳ᠋ᠦᠩᠰᠢᠭᠤᠷ ᠲᠡᠰ ᠤᠨ ᠬᠦᠩᠭᠡᠨᠴᠠᠭᠠᠨ ᠤ ᠠᠵᠤ ᠦᠢᠯᠡᠰ ᠤᠨ ᠪᠦᠯᠦᠭᠵᠢᠯ ᠪᠣᠯᠤᠨ ᠤᠮᠠᠷᠠᠲᠤ ᠶᠢᠨ ᠴᠢᠬᠤᠯᠠ ᠬᠦᠩᠭᠡᠨᠴᠠᠭᠠᠨ ᠤ ᠠᠵᠤ ᠦᠢᠯᠡᠰ ᠤᠨ ᠰᠠᠭᠤᠷᠢᠨ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠵᠤ᠂ ᠨᠢᠭᠡ ᠪᠦᠯᠦᠭ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠬᠡᠷᠡᠭᠲᠡᠢ︔ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠢ ᠶᠢᠨ ᠠᠵᠢᠯᠯᠠᠭᠠᠨ ᠤ ᠪᠠᠶᠢᠩᠭᠤᠵᠢᠭᠰᠠᠨ ᠲᠤᠬᠢᠷᠠᠭᠤᠯᠤᠯᠳᠠ ᠶᠢ ᠨᠢᠭᠡ ᠴᠤᠭᠴᠠᠵᠢᠭᠤᠯᠤᠨ ᠪᠣᠳᠠᠲᠠᠢ ᠠᠳᠬᠤᠵᠤ᠂ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ᠂ ᠳᠡᠭᠡᠳᠦ ᠬᠢᠵᠠᠭᠠᠷ ᠢ ᠬᠤᠷᠢᠶᠠᠩᠭᠤᠶᠢᠯᠠᠨ ᠨᠢᠭᠡᠳᠬᠡᠬᠦ ᠵᠡᠷᠭᠡ ᠶᠢ ᠨᠢᠭᠡ ᠨᠢᠭᠡ ᠪᠠᠷ ᠪᠣᠳᠠᠲᠠᠢ ᠠᠳᠬᠤᠵᠤ᠂ ᠬᠠᠮᠤᠭ ᠤᠨ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠢ ᠴᠢᠷᠮᠠᠶᠢᠨ ᠤᠯᠬᠤ ᠬᠡᠷᠡᠭᠲᠡᠢ︔ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠲᠣᠭᠲᠠᠴᠠ ᠶᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠬᠦ ᠶᠢ ᠴᠢᠩᠭᠠᠳᠬᠠᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1