ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠳᠡᠯ ᠨᠡᠢᠲᠡᠯᠡᠵᠦ᠂ ᠪᠦᠬᠦ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠵᠢᠯᠣᠭᠤᠳᠤᠨ ᠲᠣᠬᠢᠷᠠᠭᠤᠯᠬᠤ | ᠪᠠ ᠪᠠᠴᠢᠮ ᠪᠠᠢᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ 7 ᠰᠠᠷ᠎ᠠ ᠶᠢᠨ 19 ᠤ | ᠡᠳᠦᠷ ᠤᠨ 8 ᠴᠠᠭ ᠠᠴᠠ 7 ᠰᠠᠷ᠎ᠠ ᠶᠢᠨ 29 ᠤ ᠡᠳᠦᠷ ᠤᠨ 18 ᠴᠠᠭ ᠤᠨ ᠬᠤᠭᠤᠷᠣᠨᠳᠣ᠂ ᠵᠢᠦ ᠶᠤᠸᠠᠨ | ᠲᠣᠭᠤᠷᠢᠭ ᠤᠨ ᠵᠢᠶᠠᠨ ᠬᠤᠸᠠ ᠡᠮᠦᠨ᠎ᠡ ᠵᠠᠮ ᠤᠨ ᠪᠠᠷᠠᠭᠤᠨ ᠲᠠᠯ᠎ᠠ ᠶᠢᠨ ᠢᠦᠢ ᠬᠠᠢ ᠯᠧᠦ ᠲᠡᠷᠭᠡᠨ | ᠵᠣᠭᠰᠤᠭ ᠳᠤ ᠬᠦᠨᠳᠦ ᠶᠡᠭᠡ ᠪᠠᠴᠢᠮ ᠴᠠᠭᠳᠠᠭ᠎ᠠ ᠶᠢᠨ ᠪᠠᠢᠳᠠᠯ ᠤᠨ ᠳᠠᠭᠤᠷᠢᠶᠠᠮᠠᠯ ᠰᠣᠷᠢᠯᠲᠠ ᠬᠢᠨ᠎ᠡ᠃ | ᠰᠣᠷᠢᠯᠲᠠ ᠶᠢᠨ ᠣᠷᠣᠨ ᠤ ᠳᠣᠲᠣᠷ᠎ᠠ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠴᠢᠬᠤᠯᠠ ᠶᠡᠭᠡ | ᠴᠠᠭᠳᠠᠭᠠᠨ ᠤ ᠪᠠᠶᠢᠳᠠᠯ ᠢ ᠳᠠᠭᠤᠷᠢᠶᠠᠬᠤ᠂ ᠬᠠᠮᠵᠢᠯᠴᠠᠨ ᠰᠢᠢᠳᠪᠦᠷᠢᠯᠡᠬᠦ ᠵᠢᠴᠢ ᠡᠮᠬᠢ ᠳᠢᠭᠯᠢᠮ ᠢ ᠬᠠᠮᠠᠭᠠᠯᠠᠬᠤ ᠵᠡᠷᠭᠡ | ᠰᠣᠷᠢᠯᠲᠠ ᠶᠢᠨ ᠠᠭᠤᠯᠭ᠎ᠠ ᠶᠢ ᠲᠤᠬᠠᠶ ᠶᠢᠨ ᠲᠠᠯᠠᠪᠠᠶ ᠳᠤ ᠥᠷᠨᠢᠭᠦᠯᠪᠡ᠃ ᠰᠣᠷᠢᠯᠲᠠ ᠶᠢᠨ ᠬᠤᠭᠤᠴᠠᠭᠠᠨ ᠳᠤ ᠶᠡᠭᠡ | ᠬᠡᠮᠵᠢᠶᠡᠨ ᠤ ᠰᠣᠷᠢᠯᠲᠠ ᠳᠤ ᠣᠷᠣᠯᠴᠠᠭᠰᠠᠨ ᠲᠡᠷᠭᠡ ᠬᠥᠰᠬᠡ ᠪᠣᠯᠤᠨ ᠬᠥᠮᠦᠰ ᠰᠣᠷᠢᠯᠲᠠ ᠶᠢᠨ ᠣᠷᠣᠨ ᠵᠦᠭ | ᠴᠤᠭᠯᠠᠷᠠᠵᠤ᠂ ᠨᠠᠰᠢ ᠴᠠᠰᠢ ᠥᠩᠭᠡᠷᠡᠬᠦ ᠤᠯᠠᠨ ᠲᠦᠮᠡᠨ ᠢ ᠶᠠᠭᠠᠬᠢᠭᠰᠠᠨ ᠴᠤ ᠦᠢᠮᠡᠭᠦᠯᠵᠦ ᠪᠣᠯᠬᠤ ᠦᠭᠡᠢ᠂ | ᠰᠡᠷᠡᠮᠵᠢ ᠶᠢᠨ ᠪᠠᠶᠢᠳᠠᠯ ᠢ ᠰᠠᠭᠠᠲᠠᠭᠠᠬᠤ ᠦᠭᠡᠢ᠂ ᠴᠤᠤᠷᠬᠠᠯ ᠵᠣᠬᠢᠶᠠᠵᠤ ᠲᠠᠷᠬᠠᠭᠠᠬᠤ ᠦᠭᠡᠢ᠂ ᠭᠡᠷᠡᠴᠢᠯᠡᠭᠳᠡᠭᠰᠡᠨ | ᠦᠭᠡᠢ ᠦᠨᠡᠨ ᠪᠣᠳᠠᠲᠠᠶ ᠮᠡᠳᠡᠭᠡ ᠵᠠᠩᠭᠢ ᠨᠡᠶᠢᠲᠡᠯᠡᠬᠦ ᠦᠭᠡᠢ᠂ ᠨᠠᠰᠢ ᠴᠠᠰᠢ ᠥᠩᠭᠡᠷᠡᠬᠦ ᠲᠡᠷᠭᠡ ᠪᠣᠯᠤᠨ ᠬᠥᠮᠦᠰ | ᠠᠯᠢ ᠴᠢᠳᠠᠬᠤ ᠪᠠᠷ ᠰᠣᠷᠢᠯᠲᠠ ᠶᠢᠨ ᠣᠷᠣᠨ ᠪᠦᠰᠡ ᠠᠴᠠ ᠵᠠᠶᠢᠯᠠᠬᠤ ᠶᠢᠨ ᠬᠠᠮᠲᠤ ᠲᠤᠬᠠᠢ ᠶᠢᠨ ᠲᠠᠯᠠᠪᠤᠷ ᠤᠨ | ᠬᠠᠮᠢᠶᠠᠷᠤᠯᠲᠠ ᠶᠢᠨ ᠠᠵᠢᠯᠳᠠᠨ ᠤ ᠵᠢᠯᠤᠭᠤᠳᠤᠯᠭ᠎ᠠ ᠶᠢ ᠳᠠᠭᠠᠬᠤ ᠶᠢ ᠬᠦᠰᠡᠵᠦ ᠪᠠᠶᠢᠨ᠎ᠠ᠃ |