ᠳ᠋ᠦᠩ ᠾᠧ ᠲᠣᠭᠤᠷᠢᠭ ᠤᠨ  2024 ᠣᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2024/7/23
ᠣᠶᠢᠷ᠎ᠠ ᠳᠤ᠂ ︽ᠰᠢᠨ᠎ᠡ ᠦᠵᠡᠯ ᠰᠠᠨᠠᠭ᠎ᠠ ᠶᠢ ᠤᠯᠠᠮᠵᠢᠯᠠᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠶ᠎ᠠ︾ - 2024 ᠣᠨ ᠤ ᠳ᠋ᠦᠩ ᠾᠧ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳ᠋ᠦᠩ ᠾᠧ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠠᠨ ᠵᠢᠤᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ︶ ᠳᠤ ᠶᠠᠪᠤᠭᠳᠠᠪᠠ᠃ ᠰᠢᠯᠢᠳᠡᠭ ᠲᠥᠷᠥᠯ ᠵᠦᠢᠯ ᠤᠨ 35 ᠲᠠᠮᠢᠷᠴᠢᠳ ᠬᠠᠮᠲᠤ ᠪᠠᠷ ᠲᠡᠮᠡᠴᠡᠵᠦ᠂ ᠥᠷᠢᠰᠥᠯᠳᠦᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠠᠢ ᠳᠤ ᠦᠨᠡᠯᠡᠯᠲᠡ ᠬᠢᠪᠡ᠃    ᠤᠷᠤᠯᠳᠤᠭᠠᠨ ᠡᠬᠢᠯᠡᠭᠰᠡᠨ ᠠᠴᠠ ᠨᠠᠰᠢ᠂ ᠥᠷᠭᠡᠨ ᠣᠯᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠢᠳᠡᠪᠬᠢᠲᠡᠶ ᠬᠦᠷᠢᠶᠡᠯᠡᠯ ᠪᠠ ᠬᠠᠯᠠᠭᠤᠨ ᠰᠡᠳᠬᠢᠯᠭᠡ ᠪᠠᠷ ᠣᠷᠣᠯᠴᠠᠵᠤ᠂ ᠨᠡᠶᠢᠲᠡ 42 ᠲᠥᠷᠥᠯ ᠵᠦᠢᠯ ᠤᠷᠤᠯᠳᠤᠭᠠᠨ ᠳᠤ ᠣᠷᠣᠯᠴᠠᠵᠤ᠂ ᠲᠥᠷᠥᠯ ᠵᠦᠢᠯ ᠤᠨ ᠠᠭᠤᠯᠭ᠎ᠠ ᠨᠢ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠡᠮᠡᠭᠲᠡᠶᠢᠴᠦᠳ ᠬᠡᠤᠬᠡᠳ᠂ ᠠᠮᠢ ᠠᠬᠤᠶ ᠶᠢᠨ ᠬᠠᠮᠠᠭᠠᠯᠠᠯᠲᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠶᠢ ᠬᠠᠮᠤᠷᠴᠤ᠂ ᠲᠤᠰᠬᠠᠶ ᠮᠡᠷᠭᠡᠵᠢᠯᠲᠡᠨ ᠤ ᠠᠩᠬᠠᠨ ᠤ ᠬᠢᠨᠠᠯᠲᠠ ᠪᠠᠷ ᠳᠡᠮᠵᠢᠨ᠂ ᠡᠭᠦᠨ ᠳᠤ 10 ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠰᠢᠯᠭᠠᠷᠠᠨ ᠰᠢᠢᠳᠪᠦᠷᠢᠲᠦ ᠤᠷᠤᠯᠳᠤᠭᠠᠨ ᠳᠤ ᠣᠷᠣᠪᠠ᠃
   ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ PPT᠂ ᠸᠢᠳᠢᠣ᠋ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠡᠬᠢᠯᠡᠯᠲᠡ᠂ ᠬᠡᠷᠡᠭᠵᠢᠭᠦᠯᠦᠯᠲᠡ ᠶᠢᠨ ᠦᠷ᠎ᠡ ᠪᠦᠲᠦᠮᠵᠢ᠂ ᠠᠵᠢᠯᠯᠠᠭᠠᠨ ᠤ ᠬᠠᠮᠢᠶᠠᠷᠤᠯᠲᠠ᠂ ᠰᠢᠨ᠎ᠡ ᠶᠢ ᠡᠭᠦᠳᠬᠦ ᠴᠢᠳᠠᠪᠤᠷᠢ᠂ ᠨᠡᠶᠢᠭᠡᠮ ᠤᠨ ᠨᠥᠯᠥᠭᠡ ᠵᠡᠷᠭᠡ ᠠᠭᠤᠯᠭ᠎ᠠ ᠶᠢ ᠠᠮᠢᠳᠤᠯᠢᠭ ᠳᠦᠷᠰᠦᠯᠢᠭ ᠢᠶᠠᠷ ᠢᠯᠡᠷᠡᠭᠦᠯᠵᠦ᠂ ᠮᠠᠨ ᠤ ᠲᠤᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠦᠳᠦᠯᠦᠨ ᠳᠠᠭᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠬᠢ ᠢᠳᠡᠪᠬᠢ ᠦᠢᠯᠡᠳᠦᠯ ᠢ ᠢᠯᠡᠷᠡᠭᠦᠯᠪᠡ᠃ ᠭᠤᠶᠢᠳᠠ ᠰᠠᠶᠢᠬᠠᠨ ᠣᠷᠭᠢᠯ ᠰᠢᠪᠲᠤᠯᠤᠯᠲᠠ ᠪᠠᠷ ᠳᠡᠮᠵᠢᠨ᠂ ᠾᠧ ᠳ᠋ᠦᠩ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠠᠨᠢᠯᠴᠠᠭᠤᠯᠤᠭᠰᠠᠨ ︽ᠢᠷᠡᠭᠡᠳᠦᠶ ᠶᠢᠨ ᠠᠶᠠᠯᠠᠯ ᠢᠶᠠᠨ ᠡᠬᠢᠯᠡᠭᠦᠯᠬᠦ︾ ᠠᠵᠢᠯ ᠣᠯᠵᠤ ᠦᠶ᠋ᠯᠡᠰ ᠴᠣᠭᠴᠠᠯᠠᠬᠤ ᠲᠥᠷᠥᠯ ᠵᠦᠶ᠋ᠯ ᠪᠠ ᠲᠢᠶᠠᠨ ᠵᠢᠶᠤᠤ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠲᠠᠨᠢᠯᠴᠠᠭᠤᠯᠤᠭᠰᠠᠨ ︽ᠬᠡᠷ ᠤᠨ ᠡᠭᠦᠳᠡ︾ ᠶᠢᠨ ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠬᠡᠷ ᠣᠷᠣᠨ ᠤ ᠲᠥᠷᠥᠯ ᠵᠦᠶ᠋ᠯ ᠵᠡᠷᠭᠡ ᠪᠠᠷ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠪᠤᠰᠤᠳ ᠲᠥᠷᠥᠯ ᠵᠦᠶ᠋ᠯ ᠲᠣᠰ ᠲᠣᠰ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠱᠠᠩᠨᠠᠯ ᠭᠥᠷᠳᠡᠪᠡ᠃ ᠲᠤᠰ ᠤᠳᠠᠭᠠᠨ ᠤ ᠤᠷᠤᠯᠳᠤᠭᠠᠨ ᠨᠢ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠡᠯ᠎ᠡ ᠱᠠᠲᠤᠨ ᠤ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠨᠢᠭᠡ ᠪᠦᠯᠦᠭ ᠲᠤᠰᠬᠠᠢ ᠮᠡᠷᠭᠡᠵᠢᠯ ᠤᠨ ᠬᠡᠮᠵᠢᠶ᠎ᠡ ᠪᠠᠷ ᠥᠨᠳᠥᠷ᠂ ᠦᠢᠯᠡᠴᠢᠯᠡᠭᠡᠨ ᠤ ᠬᠠᠮᠲᠤᠯᠢᠭ ᠢᠶᠠᠷ ᠥᠷᠭᠡᠨ᠂ ᠨᠡᠶᠢᠭᠡᠮ ᠤᠨ ᠲᠤᠰᠬᠠᠯ ᠰᠠᠶᠢᠨ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠠᠭᠤᠳᠠᠯᠤᠨ ᠰᠣᠩᠭᠤᠵᠤ᠂ ᠪᠣᠯᠪᠠᠰᠤᠨ ᠤ ᠦᠢᠯᠡᠳᠦᠯᠭᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ᠂ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃
 
ᠢᠷᠡᠯᠲᠡ᠄ ᠲᠤᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1