ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠴᠠᠬᠢᠯᠭᠠᠨ ᠴᠡᠨᠡᠭᠯᠡᠬᠦ ᠦᠶ᠎ᠡ ᠳᠤ᠂ ᠠᠳᠠᠯᠢ ᠪᠤᠰᠤ ᠲᠥᠷᠥᠯ ᠵᠦᠢᠯ | ᠠᠳᠠᠯᠢ ᠪᠤᠰᠤ ᠪᠠᠷᠢᠮᠵᠢᠶ᠎ᠠ ᠴᠠᠬᠢᠯᠭᠠᠨ ᠬᠤᠷᠢᠶᠠᠭᠤᠷ ᠪᠠ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠬᠤᠯᠢᠯᠳᠤᠭᠤᠯᠤᠨ | ᠬᠡᠷᠡᠭᠯᠡᠵᠦ ᠪᠣᠯᠬᠤ ᠦᠭᠡᠢ︔ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠶᠠᠪᠤᠬᠤ ᠦᠶ᠎ᠡ ᠳᠤ ᠣᠷᠳᠣ | ᠬᠤᠭᠤᠴᠠᠭ᠎ᠠ ᠪᠠᠷ ᠬᠤᠷᠳᠤᠴᠠ ᠬᠡᠲᠦᠷᠡᠬᠦ᠂ ᠬᠡᠲᠦᠷᠡᠲᠡᠯ᠎ᠡ ᠶᠠᠪᠤᠬᠤ ᠶᠢ ᠴᠢᠩᠭ᠎ᠠ ᠴᠠᠭᠠᠵᠠᠯᠠᠵᠠᠢ︔ ᠴᠠᠬᠢᠯᠭᠠᠨ | ᠬᠤᠷᠢᠶᠠᠭᠤᠷ ᠪᠠ ᠴᠠᠬᠢᠯᠭᠠᠨ ᠬᠦᠴᠦᠳᠡᠯ ᠪᠠ ᠪᠠᠭᠲᠠᠭᠠᠮᠵᠢ ᠶᠢ ᠳᠤᠷ᠎ᠠ ᠪᠠᠷ ᠢᠶᠠᠨ ᠥᠭᠡᠷᠡᠲᠡᠭᠦᠯᠬᠦ ᠶᠢ ᠴᠢᠩᠭ᠎ᠠ | ᠴᠠᠭᠠᠵᠠᠯᠠᠨ᠎ᠠ᠃ 7 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠠᠩᠬᠠᠳᠠᠭᠴᠢ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠣᠷᠣᠨ | ᠨᠤᠲᠤᠭ ᠤᠨ ᠪᠠᠷᠢᠮᠵᠢᠶ᠎ᠠ - ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ︵DB15/T 3565 - 2024︶ ᠢ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠥᠪᠰᠢᠶᠡᠷᠡᠨ ᠨᠡᠶᠢᠲᠡᠯᠡᠵᠦ᠂ 8 | ᠳ᠋ᠤᠭᠠᠷ ᠰᠠᠷ᠎ᠠ ᠶᠢᠨ 15 ᠤ ᠡᠳᠦᠷ ᠵᠢᠩᠬᠢᠨᠢ ᠪᠠᠷ ᠬᠡᠷᠡᠭᠵᠢᠭᠦᠯᠦᠨ᠎ᠡ᠃ | ᠣᠳᠣᠬᠠᠨ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡ ᠵᠢᠴᠢ ᠬᠠᠮᠢᠶ᠎ᠠ ᠪᠥᠬᠦᠶ ᠦᠢᠯᠡᠳᠬᠦᠨ ᠢ ᠪᠣᠷᠣᠯᠠᠭᠤᠯᠬᠤ᠂ ᠰᠡᠯᠪᠢᠨ ᠵᠠᠰᠠᠬᠤ ᠨᠢᠭᠡᠴᠡ ᠶᠢᠨ ᠤᠶᠢᠯᠠᠭᠠᠨ | ᠵᠢᠭᠰᠠᠭᠠᠵᠤ ᠲᠠᠩᠰᠠ ᠡᠪᠬᠡᠮᠡᠯ ᠪᠠᠶᠢᠭᠤᠯᠬᠤ ᠠᠵᠢᠯ ᠢ ᠥᠷᠨᠢᠭᠦᠯᠵᠦ ᠪᠠᠶᠢᠬᠤ ᠶᠢᠨ ᠬᠠᠮᠲᠤ ᠪᠣᠷᠣᠯᠠᠭᠤᠯᠬᠤ | ᠨᠢᠭᠡᠴᠡ ᠯᠦᠭᠡ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠪᠠ ᠠᠮᠠᠯᠠᠯᠲᠠ ᠶᠢᠨ ᠪᠢᠴᠢᠭ | ᠲᠣᠭᠲᠠᠵᠤ᠂ ᠡᠭᠦᠨ ᠢᠶᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ | ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ | ᠳᠤ ︽ᠪᠠᠷᠢᠮᠵᠢᠶ᠎ᠠ ᠶᠢᠨ ᠬᠡᠷᠡᠭᠯᠡᠯᠲᠡ ᠶᠢ ᠴᠢᠩᠭᠠᠳᠬᠠᠬᠤ︾ ᠡᠨᠡᠬᠦ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠢ | 2024 - 2025 ᠣᠨ ᠤ ᠭᠤᠤᠯᠳᠠᠯᠭ᠎ᠠ ᠲᠠᠢ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠤᠨ ᠨᠠᠷᠢᠨ | ᠬᠠᠭᠤᠳᠠᠰᠤ ᠶᠢ ᠲᠣᠭᠲᠠᠭᠠᠵᠤ ᠵᠠᠰᠠᠪᠤᠷᠢ ᠣᠷᠣᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ᠂ ᠥᠪᠡᠷᠲᠡᠭᠡᠨ | ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ | ᠬᠦᠷᠢᠶᠡᠯᠡᠩ ᠵᠡᠷᠭᠡ ᠰᠠᠯᠠᠭ᠎ᠠ ᠮᠥᠴᠢᠷ ᠤᠳ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ︽ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠢ ᠬᠠᠮᠲᠤᠷᠠᠨ | ᠲᠤᠭᠤᠷᠪᠢᠪᠠ᠃ ᠲᠣᠰ ᠪᠠᠷᠢᠮᠵᠢᠶ᠎ᠠ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠵᠤ ᠴᠠᠬᠢᠯᠭᠠᠨ | ᠴᠡᠨᠡᠭᠯᠡᠬᠦ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠪᠠ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠴᠥᠮ ᠵᠢᠷᠤᠮᠵᠢᠭᠤᠯᠤᠭᠰᠠᠨ ᠤ ᠬᠠᠮᠲᠤ᠂ ᠬᠤᠯᠪᠣᠭᠳᠠᠯ ᠪᠥᠬᠦᠶ ᠨᠢᠭᠡᠴᠢ ᠪᠠ ᠬᠥᠮᠦᠰ ᠢ | ᠰᠢᠮᠳᠠᠭᠤᠯᠵᠤ ᠪᠠᠶᠢᠭᠠᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠴᠠᠬᠢᠯᠭᠠᠨ ᠴᠡᠨᠡᠭᠯᠡᠬᠦ ᠲᠠᠯᠠᠪᠤᠷ | ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠭᠦᠨ ᠤ ᠤᠯᠠᠮ ᠠᠴᠠ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠨᠢ ᠵᠣᠬᠢᠰ ᠥᠬᠡᠶ ᠠᠴᠠ ᠪᠣᠯᠵᠣ | ᠭᠠᠯ ᠤᠨ ᠭᠠᠮᠰᠢᠭ ᠤᠨ ᠳᠠᠯᠳᠠ ᠬᠡᠮ ᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ |