ᠲᠤᠭᠤᠷᠢᠭ ᠤᠨ ᠨᠠᠮ ᠤᠨ ᠬᠤᠷᠢᠶ᠎ᠠ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠤᠶᠠᠳᠤᠭᠠᠷ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠳ᠋ᠦᠩᠨᠡᠯᠲᠡ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠬᠥᠩᠭᠡᠨᠴᠠᠭᠠᠨ ᠤ ᠳᠠᠷᠠᠭᠠᠬᠢ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠯᠥᠪᠯᠡᠭᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠣᠷᠣᠯᠴᠠᠪᠠ᠃    ᠬᠤᠷᠠᠯ ᠠᠴᠠ᠂ ᠪᠦᠬᠦ ᠲᠤᠭᠤᠷᠢᠭ ᠲᠠᠶᠠᠭᠠᠷ ᠢᠶᠠᠨ ᠬᠥᠭᠵᠢᠯᠲᠡ ᠪᠠᠨ ᠲᠦᠷᠭᠡᠳᠬᠡᠬᠦ ᠲᠦᠭᠰᠢᠭᠦᠷᠢᠲᠦ ᠰᠡᠳᠬᠢᠯᠭᠡ ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ︽ᠬᠤᠶᠠᠷ ᠰᠢᠨ᠎ᠡ︾ ᠤᠳᠤᠷᠢᠳᠤᠮᠵᠢ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠳᠠᠪᠠᠭᠤᠯᠢᠭ ᠭᠦᠢᠴᠡᠳᠬᠡᠯ ᠲᠤᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ᠂ ᠬᠤᠴᠣᠷᠤᠩᠭᠤᠢ ᠭᠦᠢᠴᠡᠳᠬᠡᠯ ᠲᠤᠭ᠎ᠠ ᠶᠢ ᠤᠭᠲᠤᠨ ᠳᠡᠭᠡᠭᠰᠢᠯᠡᠭᠦᠯᠬᠦ ᠶᠢ ᠠᠬᠢᠭᠤᠯᠵᠤ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠵᠤ᠂ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠮᠠᠨ ᠤ ᠬᠤᠲᠠ ᠶᠢᠨ ᠮᠢᠩᠭᠠᠨ ᠳ᠋ᠦᠩᠰᠢᠭᠤᠷ ᠤᠨ ᠲᠠᠰ ᠤᠨ ᠬᠥᠩᠭᠡᠨ ᠴᠠᠭᠠᠨ ᠤ ᠠᠵᠤ ᠦᠢᠯᠡᠰ ᠤᠨ ᠪᠥᠭᠡᠮᠨᠡᠷᠡᠯ ᠪᠠ ᠤᠮᠠᠷᠠᠲᠤ ᠶᠢᠨ ᠴᠢᠬᠤᠯᠠ ᠬᠥᠩᠭᠡᠨ ᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠠᠵᠠ ᠲᠣᠬᠢᠶᠠᠯ ᠢ ᠪᠠᠲᠤ ᠡᠵᠡᠮᠳᠡᠵᠦ᠂ ᠬᠥᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠳᠠᠪᠠᠭᠤᠯᠢᠭ ᠲᠠᠭᠠᠨ ᠰᠠᠭᠤᠷᠢᠯᠠᠨ᠂ ᠳᠡᠭᠡᠳᠦ ᠴᠡᠪᠡᠷ ᠬᠥᠩᠭᠡᠨ ᠴᠠᠭᠠᠨ ᠤ ᠬᠡᠷᠡᠭᠯᠡᠯᠲᠡ ᠂ ᠳᠡᠭᠡᠳᠦ ᠲᠠᠰ ᠤᠨ ᠠᠵᠤ ᠦᠢᠯᠡᠳᠪᠦᠷᠢ ᠶᠢᠨ ᠮᠠᠲ᠋ᠧᠷᠢᠶᠠᠯ ᠪᠠ ᠬᠠᠪᠲᠠᠰᠤ ᠪᠦᠰᠡ ᠴᠠᠭᠠᠰᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠳᠠᠬᠢᠯᠲᠠ ᠬᠥᠩᠭᠡᠨ ᠴᠠᠭᠠᠨ ᠤ ᠡᠷᠬᠢᠯᠳᠡᠳᠦ ᠠᠰᠢᠭᠯᠠᠯᠲᠠ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠠᠰᠤᠯᠳᠠᠯ ᠤᠨ ᠴᠡᠭ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢᠨ ᠲᠡᠷᠢᠭᠦᠨ ᠠᠵᠤ ᠠᠬᠤᠶᠢᠯᠠᠯ᠂ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾᠂ ᠭᠠᠭᠴᠠ ᠡᠪᠡᠷᠲᠦ ᠮᠠᠯ ᠤᠨ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ᠲᠥᠷᠥᠯ ᠵᠦᠢᠯ ᠤᠨ ᠭᠡᠷ᠎ᠡ ᠲᠣᠭᠲᠠᠬᠤ ᠶᠢ ᠠᠳᠬᠤᠬᠤ᠂ ᠭᠡᠷ᠎ᠡ ᠲᠣᠭᠲᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠬᠤ᠂ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠳᠬᠤᠬᠤ ᠶᠢ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠦᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ 2024 ᠣᠨ ᠳᠤ ᠬᠥᠩᠭᠡᠨ ᠴᠠᠭᠠᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ 2025 ᠣᠨ ᠳᠤ ᠤᠯᠤᠰ ᠤᠨ ᠲᠠᠰ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠪᠠᠶᠢᠭᠤᠯᠵᠤ᠂ 2027 ᠣᠨ ᠳᠤ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠢᠪᠲᠤᠯᠤᠯᠲᠠ ᠶᠢᠨ ᠴᠢᠭᠯᠡᠯ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠭᠦᠨᠵᠡᠭᠡᠢ ᠪᠣᠳᠠᠲᠠᠢ ᠰᠦᠪᠡᠭᠴᠢᠯᠡᠵᠦ᠂ ᠪᠣᠳᠠᠲᠠᠢ ᠠᠵᠢᠯᠯᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠥᠷᠢ ᠥᠭᠴᠡᠭᠡ ᠶᠢ ᠨᠠᠮᠳᠠᠭᠤᠯᠬᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠪᠣᠳᠠᠲᠠᠢ ᠠᠵᠢᠯᠯᠠᠬᠤ ᠪᠠᠷ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠹᠧᠩ ᠳ᠋ᠦᠩ ᠸᠠᠩ᠂ ᠶᠠᠩ ᠵᠢᠶᠠᠨ ᠵᠢᠶᠦ᠋ᠨ᠂ ᠰᠦᠨ ᡁᠢ ᠴᠢᠶᠠᠩ᠂ ᠶᠠᠩ ᠷᠦᠢ᠂ ᠮᠠᠨᠢ᠂ ᠵᠤᠤ ᠷᠦᠢ ᠵᠢᠶᠦ᠋ᠨ᠂ ᠯᠢ ᠢ᠂ ᠬᠦᠩᠭᠡᠨᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠲᠢᠶᠠᠨ ᠶᠦᠩ ᠭᠤᠸᠠᠩ᠂ ᠰᠦᠨ ᠰᠢ ᠯᠢᠨ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1