ᠪᠤᠭᠤᠲᠤ ᠶᠢᠨ ᠬᠥᠩᠭᠡᠨ ᠴᠠᠭᠠᠨ ᠤ ᠦᠢᠯᠡᠰ ᠳᠠᠬᠢᠨ ᠬᠠᠶᠢᠯᠠᠵᠤ ᠨᠠᠷᠢᠯᠢᠭ ᠬᠥᠩᠭᠡᠨᠴᠠᠭᠠᠨ ᠤ ︽ᠨᠡᠭᠦᠷᠡᠰᠦᠲᠥ᠋ᠷᠥᠭᠴᠢ ᠶᠢᠨ ᠤᠯᠠ ᠮᠥᠷ︾ ᠤᠨ ᠳᠠᠬᠢᠨ ᠬᠢᠨᠠᠨ ᠲᠣᠭᠲᠠᠭᠠᠯᠲᠠ ᠶᠢ ᠤᠷᠤᠭᠰᠢᠲᠠᠢ ᠪᠠᠷ ᠥᠩᠭᠡᠷᠡᠭᠡᠪᠡ
ᠨᠡᠶᠢᠲᠡᠯᠡᠭᠰᠡᠨ ᠴᠠᠭ᠄
2024/7/31
   ᠣᠢᠷ᠎ᠠ ᠳᠤ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ︽ᠨᠡᠭᠦᠷᠡᠰᠦᠲᠥ᠋ᠷᠥᠭᠴᠢ ᠶᠢᠨ ᠤᠯᠠ ᠮᠥᠷ  ︾ ᠢ ᠳᠠᠬᠢᠨ ᠬᠢᠨᠠᠯᠲᠠ ᠶᠢᠨ ᠭᠡᠷᠡᠴᠢᠯ ᠡᠯᠲᠡ ᠶᠢ ᠤᠷᠤᠭᠰᠢᠲᠠᠢ ᠥᠩᠭᠡᠷᠡᠭᠦᠯᠪᠡ᠃
   ᠲᠣᠰ ᠤᠳᠠᠭᠠᠨ ᠤ ᠳᠠᠬᠢᠨ ᠬᠢᠨᠠᠯᠲᠠ ᠪᠣᠯ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠳᠤᠮᠳᠠᠳᠤ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠲᠥᠪ ᠪᠣᠯᠤᠨ᠎ᠠ᠂ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠲᠥᠪ ᠬᠢᠭᠡᠳ ᠨᠠᠷᠢᠯᠢᠭ ᠬᠥᠩᠭᠡᠨ ᠴᠠᠭᠠᠨ ᠤ ᠠᠵᠢᠯ ᠦᠢᠯᠡᠰ ᠤᠨ ᠬᠡᠯᠲᠡᠰ ᠠᠴᠠ ᠲᠦᠷᠦᠭᠦᠯᠡᠨ ᠴᠠᠬᠢᠯᠭᠠᠨ ᠵᠠᠳᠠᠯᠤᠯ ᠤᠨ ᠬᠤᠶᠠᠳᠤᠭᠠᠷ ᠦᠢᠯᠡᠳᠪᠦᠷᠢ᠂ ᠴᠠᠬᠢᠯᠭᠠᠨ ᠵᠠᠳᠠᠯᠤᠯ ᠤᠨ ᠭᠤᠷᠪᠠᠳᠤᠭᠠᠷ ᠦᠢᠯᠡᠳᠪᠦᠷᠢ᠂ ᠴᠠᠬᠢᠯᠭᠠᠨ ᠵᠠᠳᠠᠯᠤᠯ ᠤᠨ ᠳᠥᠷᠪᠡᠳᠦᠭᠡᠷ ᠦᠢᠯᠡᠳᠪᠦᠷᠢ᠂ ᠬᠤᠸᠠ ᠶᠦᠨ ᠴᠠᠬᠢᠯᠭᠠᠨ ᠵᠠᠳᠠᠯᠤᠯ ᠤᠨ ᠨᠢᠭᠡᠳᠦᠭᠡᠷ ᠦᠢᠯᠡᠳᠪᠦᠷᠢ᠂ ᠡᠨᠧᠷᠭᠢ ᠶᠢᠨ ᠬᠠᠮᠢᠶᠠᠷᠤᠯᠲᠠ ᠶᠢᠨ ᠬᠡᠯᠲᠡᠰ᠂ ᠦᠢᠯᠡᠳᠪᠦᠷᠢᠯᠡᠯ ᠤᠨ ᠵᠢᠯᠣᠭᠤᠳᠬᠤ ᠲᠥᠪ᠂ ᠡᠳ᠋ ᠪᠣᠳᠠᠰ ᠤᠨ ᠪᠠᠲᠤᠯᠠᠭ᠎ᠠ ᠶᠢᠨ ᠲᠥᠪ᠂ ᠡᠳ᠋ ᠤᠨ ᠶᠠᠪᠤᠳᠠᠯ ᠤᠨ ᠶᠠᠮᠤᠨ ᠵᠡᠷᠭᠡ ᠨᠢᠭᠡᠴᠢ ᠶᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃    ᠨᠡᠭᠦᠷᠡᠰᠦᠲᠥ᠋ᠷᠥᠭᠴᠢ ᠶᠢᠨ ᠮᠥᠷ ᠪᠣᠯ ᠶᠠᠮᠠᠷ ᠨᠢᠭᠡᠨ ᠠᠵᠢᠯᠯᠠᠭ᠎ᠠ ᠪᠤᠶᠤ ᠪᠣᠳᠠᠲᠤ ᠴᠣᠭᠴᠠ ᠶᠢᠨ ᠡᠭᠦᠰᠦᠭᠰᠡᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠳᠦᠷᠰᠦᠯᠡᠬᠦ ᠳᠤ ᠬᠡᠷᠡᠭᠯᠡᠬᠦ ᠨᠡᠷ᠎ᠡ ᠲᠣᠮᠢᠶ᠎ᠠ ᠮᠥᠨ᠃ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠨᠢ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ᠂ ᠪᠣᠬᠢᠷᠲᠤᠯ ᠦᠭᠡᠢ ᠬᠡᠷᠡᠭᠯᠡᠭᠡ ᠶᠢ ᠠᠬᠢᠭᠤᠯᠬᠤ᠂ ᠭᠠᠳᠠᠭᠠᠳᠤ ᠠᠷᠠᠯᠵᠢᠶᠠᠨ ᠤ ᠦᠢᠯᠡᠳᠬᠦᠨ ᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ᠂ ︽ᠬᠤᠣᠰ ᠨᠡᠭᠦᠷᠡᠰᠦᠲᠥ᠋ᠷᠥᠭᠴᠢ︾ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠬᠤ ᠶᠢᠨ ᠴᠢᠬᠤᠯᠠ ᠨᠢᠭᠡ ᠭᠤᠭᠴᠤᠭ᠎ᠠ ᠪᠣᠯᠤᠨ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃ ᠣᠳᠣᠬᠠᠨ ᠳᠤ᠂ ᠪᠤᠭᠤᠲᠤ ᠶᠢᠨ ᠬᠥᠩᠭᠡᠨᠴᠠᠭᠠᠨ ᠤ ᠬᠥᠩᠭᠡᠨᠴᠠᠭᠠᠨ ᠤ ᠬᠠᠶᠢᠯᠤᠰᠢ ᠴᠢᠳᠬᠤᠬᠤ ᠪᠠ ᠳᠠᠬᠢᠨ ᠬᠠᠶᠢᠯᠤᠰᠢ ᠳᠤ ᠬᠡᠷᠡᠭᠯᠡᠬᠦ ᠨᠠᠷᠢᠯᠢᠭ ᠬᠥᠩᠭᠡᠨᠴᠠᠭᠠᠨ ᠤ ᠴᠢᠳᠬᠤᠮᠠᠯ ᠦᠢᠯᠡᠳᠬᠦᠨ ᠨᠢ ᠴᠥᠮ ᠨᠡᠭᠦᠷᠡᠰᠦᠲᠥ᠋ᠷᠥᠭᠴᠢ‌‍ᠶᠢᠨ ᠮᠥᠷ ᠤᠨ ᠭᠡᠷᠡᠴᠢᠯᠡᠭᠡ ᠪᠠᠷ ᠳᠠᠮᠵᠢᠨ᠎ᠠ᠃
 
ᠢᠷᠡᠯᠲᠡ᠄ ᠪᠤᠭᠤᠲᠤ ᠶᠢᠨ ᠬᠥᠩᠭᠡᠨ ᠴᠠᠭᠠᠨ ᠤ ᠦᠢᠯᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1