︽ᠪᠤᠭᠤ ᠲᠠᠢ ᠭᠠᠵᠠᠷ︾ ᠳᠤᠮᠳᠠᠳᠤ ᠤᠯᠤᠰ ᠤᠨ ᠲᠣᠰᠣᠨ ᠵᠢᠷᠤᠭ ᠤᠨ ᠨᠡᠷᠡᠲᠦ ᠬᠥᠮᠦᠰ ᠳ᠋ᠦᠩ ᠾᠧ ᠳᠠᠬᠢ ᠡᠭᠦᠳᠦᠨ ᠪᠦᠲᠦᠭᠡᠯᠲᠡ ᠶᠢᠨ ᠠᠵᠢᠯᠯᠠᠭ᠎ᠠ ᠳᠤ ᠣᠷᠣᠯᠴᠠᠵᠠᠶ᠃
ᠨᠡᠶᠢᠲᠡᠯᠡᠭᠰᠡᠨ ᠴᠠᠭ᠄
2024/7/4
   ᠵᠢᠷᠤᠭ ᠤᠨ ᠬᠠᠪᠲᠠᠰᠤ᠂ ᠵᠢᠷᠤᠭ ᠤᠨ ᠪᠥᠰ᠂ ᠦᠩᠭᠡ ᠤᠷᠤᠭᠤᠯᠬᠤ ᠡᠳ᠋᠃ 7 ᠰᠠᠷ᠎ᠠ ᠶᠢᠨ 2 ᠤ ᠡᠳᠦᠷ᠂ ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠢᠴᠢ ᠪᠦᠬᠦ ᠤᠯᠤᠰ ᠤᠨ ᠡᠯ᠎ᠡ ᠭᠠᠵᠠᠷ ᠤᠨ ᠣᠯᠠᠨ ᠲᠣᠰᠣᠨ ᠵᠢᠷᠤᠭ ᠤᠨ ᠨᠡᠷᠡᠲᠦ ᠬᠥᠮᠦᠰ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ  ᠠᠳᠤᠭᠤᠴᠢᠨ   ᠲᠤᠰᠬᠤᠨ ᠳᠤ ᠬᠦᠷᠴᠦ᠂ ︽ᠪᠤᠭᠤ   ᠲᠠᠢ ᠭᠠᠵᠠᠷ︾ ᠢᠶᠠᠷ ᠭᠤᠣᠯ ᠰᠡᠳᠦᠪ ᠪᠣᠯᠭᠠᠭᠰᠠᠨ ᠳᠤᠮᠳᠠᠳᠤ ᠤᠯᠤᠰ ᠤᠨ ᠲᠣᠰᠣᠨ ᠵᠢᠷᠤᠭ ᠤᠨ ᠨᠡᠷᠡᠲᠦ ᠬᠥᠮᠦᠰ  ᠪᠣᠭᠤᠲᠦ ᠳᠤ ᠣᠷᠣᠵᠤ ᠵᠣᠬᠢᠶᠠᠨ ᠪᠦᠲᠦᠭᠡᠬᠦ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠬᠠᠢ ᠯᠢᠶᠠᠩ᠂ ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠳ᠋ᠢᠩ ᠢ ᠯᠢᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠦ ᠰᠢᠤᠸᠠᠢ ᠯᠢᠶᠠᠩ ᠤᠭᠲᠤᠬᠤ ᠦᠭᠡ ᠬᠡᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠹᠧᠩ ᠳ᠋ᠦᠩ ᠸᠠᠩ ᠠᠵᠢᠯᠯᠠᠭ᠎ᠠ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠶᠢᠨ ᠳᠤᠮᠳᠠ᠂ ᠲᠤᠰᠤᠨ ᠵᠢᠷᠤᠭ ᠤᠨ ᠨᠡᠷᠡᠳᠦ ᠬᠥᠮᠦᠰ  ᠠᠳᠤᠭᠤᠴᠢᠨ ᠲᠣᠰᠬᠤᠨ ᠤ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠶᠢ ᠲᠣᠭᠤᠷᠢᠨ ᠦᠵᠡᠵᠦ᠂ ᠳ᠋ᠦᠩ ᠾᠧ ᠲᠣᠭᠤᠷᠢᠭ ᠤᠨ ᠰᠣᠶᠣᠯ ᠤᠨ ᠠᠭᠤᠯᠬᠤᠨ ᠪᠣᠯᠤᠨ ᠤᠢᠢᠷ᠎ᠠ ᠶᠢᠨ ᠬᠡᠳᠦᠨ ᠵᠢᠯ ᠤᠨ ᠬᠥᠭᠵᠢᠯᠲᠡ ᠬᠤᠪᠢᠷᠠᠯᠲᠠ ᠶᠢ ᠣᠶᠢᠯᠠᠭᠠᠪᠠ᠃ ᠲᠠᠷᠠᠭ᠎ᠠ ᠨᠢ᠂ ᠵᠢᠷᠤᠭᠴᠢᠳ ᠵᠢᠷᠤᠭ ᠤᠨ ᠵᠢᠶᠠᠰᠠ ᠪᠣᠰᠬᠠᠬᠤ᠂ ᠵᠣᠭᠰᠣᠬᠤ ᠪᠤᠶᠤ ᠰᠠᠭᠤᠵᠤ᠂ ᠭᠠᠷ ᠤᠨ ᠵᠢᠷᠤᠭ ᠤᠨ ᠪᠢᠷ ᠢᠶᠠᠷ ᠳᠠᠮᠵᠢᠭᠤᠯᠤᠨ ᠳ᠋ᠦᠩ ᠾᠧ ᠲᠣᠭᠤᠷᠢᠭ ᠤᠨ  ᠠᠳᠤᠭᠤᠴᠢᠨ ᠲᠣᠰᠬᠤᠨ ᠤ  ᠠᠭᠤᠯᠠ ᠬᠡᠭᠡᠷ᠎ᠡ ᠶᠢᠨ ᠥᠩᠭᠡ ᠦᠵᠡᠮᠵᠢ᠂ ᠡᠷᠲᠡᠨ ᠤ ᠭᠤᠳᠤᠮᠵᠢ ᠶᠢᠨ ᠠᠶᠢᠯ ᠲᠣᠰᠬᠤᠨ ᠵᠢᠴᠢ ᠣᠯᠵᠤ ᠬᠠᠷᠠᠭᠰᠠᠨ ᠲᠥᠷᠥᠭᠳᠡᠯ ᠢᠶᠠᠨ ᠪᠦᠲᠦᠭᠡᠯ ᠳᠤ ᠵᠢᠷᠤᠭᠯᠠᠵᠤ᠂ ᠭᠦᠨ ᠵᠤᠵᠠᠭᠠᠨ ᠠᠭᠠᠷ ᠮᠠᠨᠳᠠᠯ᠂ ᠠᠯᠤᠰ ᠬᠡᠲᠦ ᠶᠢᠨ ᠤᠳᠬ᠎ᠠ ᠰᠠᠨᠠᠭ᠎ᠠ ᠲᠠᠢ ᠵᠢᠷᠤᠭ ᠤᠨ ᠪᠦᠲᠦᠭᠡᠯ ᠨᠢ ᠤᠮᠠᠷᠠᠲᠤ ᠬᠢᠯᠢ ᠶᠢᠨ ᠥᠪᠡᠷᠮᠢᠴᠡ ᠰᠣᠶᠣᠯ ᠤᠨ ᠰᠡᠳᠬᠢᠯ ᠢ ᠬᠥᠳᠡᠯᠭᠡᠪᠡ᠃
   ︽ᠡᠨᠡ ᠪᠣᠯ ᠮᠢᠨᠦ ᠳ᠋ᠦᠩ ᠾᠧ ᠲᠣᠭᠤᠷᠢᠭ ᠲᠤ ᠠᠩᠬ᠎ᠠ ᠤᠳᠠᠭ᠎ᠠ ᠢᠷᠡᠵᠦ ᠪᠠᠶᠢᠭ᠎ᠠ ᠶᠠᠪᠤᠳᠠᠯ ᠮᠥᠨ᠂ ᠨᠢᠭᠡ ᠦᠳᠡ ᠶᠢᠨ ᠡᠮᠦᠨᠡᠬᠢ ᠰᠣᠯᠢᠯᠴᠠᠭ᠎ᠠ ᠪᠠ ᠵᠢᠭᠤᠯᠴᠢᠯᠠᠯ ᠢᠶᠠᠷ ᠳᠡᠮᠵᠢᠨ᠂ ᠪᠢ ᠳ᠋ᠦᠩ ᠾᠧ ᠲᠣᠭᠤᠷᠢᠭ ᠤᠨ ᠪᠥᠬᠦ ᠦᠵᠡᠮᠵᠢ ᠶᠢᠨ ᠲᠤᠬᠠᠶ ᠠᠩᠬ᠎ᠠ ᠠᠯᠬᠤᠮ ᠤᠨ ᠤᠬᠠᠭᠳᠠᠬᠤᠨ ᠲᠠᠢ ᠪᠣᠯᠵᠠᠶ᠂ ᠡᠭᠦᠨ ᠳᠤ ᠰᠦᠷᠯᠢᠭ ᠰᠠᠶᠢᠬᠠᠨ ᠲᠥᠷᠥᠭᠳᠡᠯ ᠨᠢ ᠨᠠᠳᠠ ᠳᠤ ᠮᠠᠰᠢ ᠭᠦᠨ ᠰᠠᠭᠤᠭᠳᠠᠯ ᠦᠯᠡᠳᠡᠭᠡᠵᠦ᠂ ᠲᠠᠷᠠᠭᠠᠴᠢ ᠶᠢᠨ ᠠᠵᠢᠯᠯᠠᠭ᠎ᠠ ᠳᠤᠮᠳᠠ᠂ ᠡᠶᠢᠮᠦ ᠰᠦᠷᠯᠢᠭ ᠰᠠᠶᠢᠬᠠᠨ ᠦᠵᠡᠮᠵᠢ ᠶᠢᠨ ᠣᠷᠣᠯᠭ᠎ᠠ ᠶᠢᠨ ᠵᠢᠷᠤᠭ ᠢ ᠠᠯᠢ ᠴᠢᠳᠠᠬᠤ ᠪᠠᠷ ᠪᠠᠶᠢᠭᠠᠯᠢ ᠶᠢᠨ ᠦᠵᠡᠮᠵᠢ᠂ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠪᠠᠷ ᠬᠢ ᠡᠯᠪᠡᠭ ᠰᠠᠶᠢᠬᠠᠨ ᠲᠥᠷᠥᠭᠳᠡᠯ ᠢᠶᠠᠨ ᠢᠯᠡᠳᠬᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠲᠠᠷᠠᠭᠠᠴᠢ ᠶᠢᠨ ᠠᠵᠢᠯᠯᠠᠭ᠎ᠠ ᠳᠤᠮᠳᠠ ᠪᠠᠨ ᠳ᠋ᠦᠩ ᠾᠧ ᠲᠣᠭᠤᠷᠢᠭ ᠤᠨ ᠨᠡᠩ ᠤᠯᠠᠨ ᠲᠥᠯᠥᠭᠡᠯᠡᠬᠦ ᠴᠢᠨᠠᠷᠲᠠᠢ ᠬᠥᠮᠥᠨ ᠨᠡᠶᠢᠭᠡᠮ ᠤᠨ ᠦᠵᠡᠮᠵᠢ ᠵᠢᠴᠢ ᠰᠢᠨ᠎ᠡ ᠴᠠᠭ ᠦᠶ᠎ᠡ ᠶᠢᠨ ᠶᠡᠭᠡ ᠠᠬᠤᠢ ᠪᠠᠶᠢᠳᠠᠯ ᠳᠣᠣᠷᠠᠬᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠨᠢᠰᠬᠦ ᠮᠡᠲᠦ ᠲᠦᠷᠭᠡᠨ ᠬᠥᠭᠵᠢᠯᠲᠡ ᠶᠢ ᠣᠯᠵᠤ ᠬᠠᠷᠠᠬᠤ ᠶᠢ ᠣᠨᠴᠠᠭᠠᠶᠢᠯᠠᠨ ᠬᠦᠰᠡᠵᠦ ᠪᠠᠶᠢᠨ᠎ᠠ︾ ᠭᠡᠵᠦ ᠳ᠋ᠢᠩ ᠢ ᠯᠢᠨ ᠬᠡᠯᠡᠪᠡ᠃  
 
ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠷᠭᠠᠭᠤᠯᠢ ᠡᠬᠢᠯᠡᠬᠦ ᠠᠵᠢᠯᠯᠠᠭ᠎ᠠ ᠶᠢ ᠠᠯᠳᠠᠷᠲᠤ ᠤᠷᠠᠯᠢᠭᠴᠢᠨ ᠶᠠᠩ ᠹᠸᠢ ᠶᠦᠨ᠂ ᠳ᠋ᠢᠩ ᠢ ᠯᠢᠨ ᠫᠷᠤᠹᠧᠰᠰᠤᠷ 10 ᠭᠠᠷᠤᠶ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠰᠢᠯᠢᠳᠡᠭ ᠤᠷᠠᠯᠢᠭᠴᠢᠨ᠂ ᠫᠷᠤᠹᠧᠰᠰᠤᠷ ᠠᠴᠠ ᠮᠠᠨ ᠤ ᠬᠤᠲᠠ ᠳᠤ ᠢᠷᠡᠵᠦ 14 ᠡᠳᠦᠷ ᠤᠨ ᠬᠤᠭᠤᠴᠠᠭ᠎ᠠ ᠲᠠᠢ ᠬᠥᠮᠦᠰ ᠤᠨ ᠵᠣᠬᠢᠶᠠᠨ ᠪᠢᠴᠢᠬᠦ ᠪᠠ ᠥᠩᠭᠡ ᠦᠵᠡᠮᠵᠢ ᠶᠢᠨ ᠵᠣᠬᠢᠶᠠᠨ ᠪᠢᠴᠢᠬᠦ ᠬᠤᠶᠠᠷ ᠶᠡᠭᠡ ᠰᠡᠳᠦᠪ ᠤᠨ ᠰᠤᠳᠤᠯᠭᠠᠨ ᠢ ᠥᠷᠨᠢᠭᠦᠯᠵᠦ᠂ ᠪᠤᠭᠤᠲᠤ ᠶᠢᠨ ᠨᠤᠲᠤᠭ ᠤᠨ ᠰᠣᠶᠣᠯ ᠤᠨ ᠨᠠᠷᠠᠲᠤ ᠬᠥᠮᠦᠰ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠲᠠᠢ ᠨᠢᠭᠡ ᠪᠦᠯᠦᠭ ᠴᠢᠨᠠᠷ ᠰᠠᠶᠢᠲᠠᠶ ᠲᠣᠰᠣᠨ ᠵᠢᠷᠤᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠨᠠᠩ ᠣᠯᠠᠨ ᠵᠠᠯᠠᠭᠤ ᠤᠷᠠᠨ ᠵᠢᠷᠤᠭ ᠤᠨ ᠴᠢᠳᠠᠪᠤᠷᠢᠲᠠᠨ ᠢ ᠬᠥᠮᠦᠵᠢᠭᠦᠯᠵᠦ᠂ ᠪᠤᠭᠤᠲᠤ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1