ᠳ᠋ᠦᠩ ᠾᠧ ᠲᠣᠭᠤᠷᠢᠭ ᠪᠣᠯᠤᠨ ᠵᠢᠶᠠᠩᠰᠦ ᠶᠢᠨ ᠾᠧᠩ ᠢ ᠠᠵᠤ ᠦᠢᠯᠡᠳᠪᠦᠷᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 3 ᠤ ᠡᠳᠦᠷ᠂ ᠳ᠋ᠦᠩ ᠾᠧ ᠲᠣᠭᠤᠷᠢᠭ ᠵᠢᠶᠠᠩᠰᠦ ᠶᠢᠨ ᠾᠧᠩ ᠢ ᠠᠵᠤ ᠦᠢᠯᠡᠳᠪᠦᠷᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ᠂ ᠬᠤᠲᠠ ᠶᠢᠨ ᠬᠤᠳᠠᠯᠳᠤᠭᠠᠴᠢᠨ ᠤᠷᠢᠬᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠰᠦᠨ ᡁᠢ ᠴᠢᠶᠠᠩ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ᠂ ᠨᠢᠭᠡᠴᠢ᠂ ᠠᠵᠤ ᠠᠬᠤᠶᠢᠯᠠᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠡᠯᠪᠢᠭ ᠲᠣᠨᠤᠭ ᠤᠨ  ᠲᠦᠰᠦᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃    ᠵᠢᠶᠠᠩᠰᠦ ᠶᠢᠨ ᠾᠧᠩ ᠢ ᠠᠵᠤ ᠦᠢᠯᠡᠳᠪᠦᠷᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ ᠵᠢᠤᠢ ᠰᠢᠶᠤᠤ ᠫᠢᠩ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠶᠢᠨ ᠰᠠᠭᠤᠷᠢ ᠯᠠᠪᠳᠠᠭᠤᠨ ᠪᠠᠲᠤᠲᠠᠢ ᠂ ᠬᠥᠭᠵᠢᠯᠲᠡ ᠶᠢᠨ ᠬᠠᠨᠳᠤᠰᠢ ᠲᠦᠷᠭᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠠᠪᠠᠭᠤᠯᠢᠭ᠂  ᠪᠡᠯᠡ ᠣᠷᠣᠭᠤᠯᠵᠤ ᠦᠢᠯᠡᠰ ᠪᠤᠰᠬᠠᠬᠤ ᠳᠤ ᠢᠲᠡᠭᠡᠯ ᠳᠦᠭᠦᠷᠡᠩ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ    ᠸᠠᠩ ᠷᠦᠢ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠤᠯᠠᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠳ᠋ᠦᠩ ᠾᠧ ᠲᠣᠭᠤᠷᠢᠭ ᠤᠨ ᠬᠢᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠦᠢᠯᠡᠳᠦᠯᠭᠡᠵᠢᠭᠦᠯᠵᠦ᠂ ᠪᠤᠭᠤᠲᠤ ᠬᠤᠳᠠ ᠶᠢᠨ ︽3+5+N︾ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ︽ᠬᠦᠩᠭᠡᠨᠴᠠᠭᠠᠨ ᠤ ᠳᠠᠷᠠᠭᠠᠬᠢ ᠠᠵᠤ ᠦᠢᠯᠡᠰ ᠤᠨ ᠶᠡᠭᠡ ᠦᠢᠯᠡᠰ ᠢ ᠪᠦᠲᠦᠭᠡᠵᠦ ᠴᠢᠳᠠᠬᠤ︾ ᠢᠲᠡᠭᠡᠯ ᠢ ᠪᠠᠲᠤ ᠪᠤᠢ ᠪᠣᠯᠭᠠᠵᠤ᠂ ᠮᠠᠰᠢᠨ ᠲᠡᠷᠭᠡᠨ ᠤ ᠰᠡᠯᠪᠢᠭ ᠲᠤᠨᠤᠭ ᠢ ᠦᠢᠯᠡᠳᠬᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠬᠥᠩᠭᠡᠨᠴᠠᠭᠠᠨ ᠤ ᠬᠡᠮᠵᠢᠶ᠎ᠡ ᠪᠠ ᠥᠨᠳᠥᠷ ᠴᠡᠪᠡᠷ ᠬᠥᠩᠭᠡᠨᠴᠠᠭᠠᠨ ᠤ ᠬᠡᠷᠡᠭᠯᠡᠯᠲᠡ ᠵᠡᠷᠭᠡ ᠠᠵᠤ ᠦᠢᠯᠡᠰ ᠤᠨ ᠬᠡᠯᠬᠢᠶ᠎ᠡ ᠶᠢ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠦᠩᠭᠡᠨᠴᠠᠭᠠᠨ ᠤ ᠳᠠᠷᠠᠭᠠᠬᠢ ᠠᠵᠤ ᠦᠢᠯᠡᠰ ᠤᠨ ᠲᠤᠮᠤ ᠶᠠᠪᠤᠳᠠᠯ ᠢ ᠴᠢᠷᠮᠠᠶᠢᠨ ᠰᠠᠶᠢᠲᠤᠷ ᠪᠢᠴᠢᠭᠯᠡᠵᠦ᠂ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠤᠯᠤᠰ ᠤᠨ ᠲᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠣᠯᠠᠨ ᠢᠶᠠᠷ ᠢᠶᠠᠨ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠢᠳᠡᠪᠬᠢᠲᠡᠶ ᠪᠠᠷ ᠨᠡᠪᠲᠡᠷᠡᠯᠴᠡᠨ ᠰᠣᠯᠢᠯᠴᠠᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠮᠠᠨ ᠤ ᠬᠤᠲᠠ ᠶᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠬᠥᠩᠭᠡᠨ ᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃    ᠲᠤᠭᠤᠷᠢᠭ ᠤᠨ ᠤᠳᠤᠷᠢᠳᠤᠯᠭ᠎ᠠ ᠯᠢ ᠰᠦᠸᠧ᠂ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠰᠦᠨ ᠰᠢ ᠯᠢᠨ᠂ ᠬᠤᠲᠠ ᠶᠢᠨ ᠰᠢᠭᠤᠳ ᠬᠠᠷᠢᠶ᠎ᠠ᠂ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠤᠷᠢᠭ ᠤᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1