ᠳ᠋ᠦᠩ ᠾᠧ ᠲᠣᠭᠤᠷᠢᠭ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
7 ᠰᠠᠷ᠎ᠠ ᠶᠢᠨ 3 ᠤ ᠡᠳᠦᠷ᠂ ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠤᠭᠰᠠᠨ ᠨᠢ ᠪᠥᠬᠦ ᠣᠷᠣᠨ ᠤ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠤᠨ ᠰᠢᠨ᠎ᠡ ᠬᠠᠭᠤᠳᠠᠰᠤ ᠶᠢ ᠡᠬᠢᠯᠡᠭᠦᠯᠵᠦ᠂ ᠰᠢᠨ᠎ᠡ ᠠᠶᠠᠨ ᠵᠠᠮ ᠢᠶᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠪᠤᠭᠤᠲᠤ ᠬᠤᠲᠠ ᠶᠢᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠬᠤᠷᠠᠯ ᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ 60 ᠭᠠᠷᠤᠢ ᠭᠡᠰᠢᠭᠦᠨ ᠨᠢᠭᠡᠴᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠳᠣᠯᠣᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠲᠦᠷᠢᠮ︾ ᠵᠡᠷᠭᠡ ᠬᠠᠮᠢᠶ᠎ᠠ ᠪᠦᠬᠦᠢ ᠲᠦᠷᠢᠮ ᠤᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠢᠴᠢ ᠲᠡᠭᠦᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠪᠠ᠃ ᠬᠤᠷᠠᠯ ᠠᠴᠠ᠂ ᠨᠠᠮ ᠤᠨ ᠪᠠᠶᠢᠭᠤᠯᠤᠯᠲᠠ ᠪᠠᠷ ᠠᠵᠢᠯ ᠦᠢᠯᠡᠰ ᠤᠨ ᠠᠤᠭ᠎ᠠ ᠶᠡᠭᠡ᠂ ᠬᠠᠷᠢᠭᠤᠴᠠᠯᠭ᠎ᠠ ᠬᠦᠨᠳᠦ᠂ ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠠᠩᠬᠠᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠬᠤ ᠪᠣᠯ ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠤᠨ ᠳᠤᠮᠳᠠᠬᠢ ᠨᠢᠭᠡᠨ ᠶᠡᠭᠡ ᠶᠠᠪᠤᠳᠠᠯ᠂ ᠰᠠᠶᠢᠨ ᠶᠠᠪᠤᠳᠠᠯ᠂ ᠪᠠᠶᠠᠷ ᠤᠨ ᠶᠠᠪᠤᠳᠠᠯ ᠪᠣᠯᠤᠨ᠎ᠠ᠃ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠬᠤᠷᠠᠯ ᠢ ᠪᠠᠶᠢᠭᠤᠯᠤᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠪᠠᠰᠠ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠳᠠᠲᠠᠢ ᠠᠵᠢᠯᠯᠠᠭ᠎ᠠ ᠪᠠᠶᠢᠵᠤ᠂ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠨᠢ ᠯᠠᠪᠲᠠᠢ ᠶᠤᠮ    ᠬᠤᠷᠠᠯ ᠠᠴᠠ᠂ ᠨᠢᠭᠡ ᠳᠤ᠂ ᠢᠯᠡ ᠲᠣᠳᠣ ᠤᠯᠤᠰ ᠲᠦᠷᠦ ᠶᠢᠨ ᠤᠳᠤᠷᠢᠳᠤᠮᠵᠢ ᠶᠢ ᠲᠤᠪᠤᠶᠢᠯᠭᠠᠵᠦ᠂ ᠨᠠᠮ ᠤᠨ ᠪᠠᠶᠢᠭᠤᠯᠤᠯᠲᠠ ᠶᠢᠨ ︽ᠨᠠᠮ︾ ᠤᠨ ᠦᠨᠳᠦᠰᠦᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠶᠡᠭᠡ ᠲᠠᠯ᠎ᠠ ᠶᠡᠭᠡ ᠬᠠᠨᠳᠤᠰᠢ ᠶᠢ ᠵᠥᠪ ᠡᠵᠡᠮᠳᠡᠵᠦ᠂ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠵᠢᠯᠲᠠ ᠲᠠᠢ ᠠᠷᠭ᠎ᠠ ᠬᠢᠳᠡᠯ ᠢ ᠳ᠋ᠦᠩᠨᠡᠵᠦ᠂ ᠳᠡᠯᠭᠡᠷᠡᠭᠦᠯᠵᠦ ᠪᠣᠯᠬᠤ ᠬᠠᠭᠤᠯᠪᠤᠷᠢᠯᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠪᠦᠷᠢᠯᠳᠦᠭᠦᠯᠵᠦ᠂ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠪᠣᠯᠤᠨ ᠭᠤᠣᠯ ᠠᠵᠢᠯ ᠤᠨ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠰᠤᠳᠤᠯᠤᠨ ᠬᠡᠷᠡᠭᠯᠡᠬᠦ ᠪᠠᠷ ᠬᠡᠷᠡᠭᠯᠡᠬᠦ ᠶᠢ ᠠᠬᠢᠭᠤᠯᠬᠤ᠂ ᠬᠡᠷᠡᠭᠯᠡᠬᠦ ᠪᠠᠷ ᠰᠤᠳᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠲᠠᠢ ᠤᠢᠢᠷᠠᠳᠤᠭᠰᠠᠨ᠂ ᠰᠢᠨ᠎ᠡ ᠪᠠᠶᠢᠳᠠᠯ ᠢ ᠡᠭᠦᠳᠦᠭᠰᠡᠨ᠂ ᠦᠷ᠎ᠡ ᠪᠦᠲᠦᠮᠵᠢ ᠲᠠᠢ ᠨᠡᠩ ᠤᠯᠠᠨ ᠰᠤᠳᠤᠯᠭᠠᠨ ᠤ ᠦᠷ᠎ᠡ ᠪᠦᠲᠦᠭᠡᠯ ᠢ ᠴᠢᠷᠮᠠᠶᠢᠨ ᠭᠠᠷᠭᠠᠬᠤ ᠬᠡᠷᠡᠭᠲᠡᠢ᠃ ᠭᠤᠷᠪᠠ ᠳᠤ᠂ ᠪᠠᠶᠢᠩᠭᠤ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂ ᠬᠤᠷᠠᠯ ᠡᠷᠬᠢᠯᠡᠬᠦ ᠱᠠᠭᠠᠷᠳᠠᠯᠭ᠎ᠠ ᠶᠢ ᠵᠢᠷᠤᠮᠵᠢᠭᠤᠯᠵᠤ᠂ ᠨᠡᠶᠢᠭᠡᠮ ᠤᠨ ᠪᠦᠯᠬᠦᠮ ᠤᠨ ᠬᠠᠮᠢᠶᠠᠷᠤᠯᠲᠠ ᠶᠢᠨ ᠠᠷᠭ᠎ᠠ ᠪᠣᠯᠣᠨ ︽ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠳᠦᠷᠢᠮ︾ ᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠵᠢᠯ ᠢ ᠥᠷᠨᠢᠭᠦᠯᠵᠦ᠂ ᠰᠡᠳᠦᠪ ᠤᠨ ᠰᠤᠳᠤᠯᠭᠠᠨ ᠤ ᠪᠦᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠷᠡᠲᠦ ᠲᠡᠮᠳᠡᠭᠲᠦ ᠶᠢᠨ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠴᠢᠳᠠᠪᠤᠷᠢᠲᠠᠨ ᠢ ᠳᠠᠶᠢᠴᠢᠯᠠᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠢᠨ᠎ᠡ ᠬᠡᠯᠪᠡᠷᠢ ᠶᠢᠨ ᠨᠠᠮ ᠤᠨ ᠪᠠᠶᠢᠭᠤᠯᠤᠯᠲᠠ ᠶᠢᠨ ᠣᠨᠴᠠᠯᠢᠭᠲᠤ ᠣᠶᠤᠨ ᠤ ᠬᠥᠮᠥᠷᠭᠡ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠬᠤᠷᠠᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠰᠣᠯᠢᠯᠴᠠᠭᠠᠨ ᠤ ᠲᠠᠪᠴᠠᠩ᠂ ᠨᠠᠮ ᠤᠨ ᠪᠠᠶᠢᠭᠤᠯᠤᠯᠲᠠ ᠶᠢᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠥᠯᠥᠭᠡᠢ᠂ ᠨᠠᠮ ᠤᠨ ᠪᠠᠶᠢᠭᠤᠯᠤᠯᠲᠠ ᠶᠢᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠴᠣᠩᠬᠤ᠂ ᠨᠠᠮ ᠤᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠣᠶᠤᠨ ᠤ ᠬᠥᠮᠥᠷᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1