ᠳ᠋ᠦᠩ ᠾᠧ ᠲᠣᠭᠤᠷᠢᠭ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠢᠴᠢ ᠤᠳᠤᠷᠢᠳᠬᠤ ᠺᠠᠳ᠋ᠷᠴᠤᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 8 ᠤ ᠡᠳᠦᠷ᠂ ᠳ᠋ᠦᠩ ᠾᠧ ᠲᠣᠭᠤᠷᠢᠭ ᠤᠨ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠵᠢᠴᠢ ᠤᠳᠤᠷᠢᠳᠬᠤ ᠺᠠᠳ᠋ᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠵᠠᠩ ᠹᠸᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠯᠢᠦ ᡁᠢ ᠴᠧᠩ ᠲᠣᠰ ᠲᠣᠰ ︽ᠬᠥᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠵᠢᠴᠢ ᠢᠷᠡᠭᠡᠳᠦᠶ ᠶᠢᠨ ᠪᠠᠢᠳᠠᠯ︾᠂ ︽ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠦᠷᠢᠶᠡᠯᠡᠩ ᠲᠣᠭᠤᠷᠢᠭ ᠤᠨ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠶ᠎ᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠣᠷᠣᠯᠴᠠᠪᠠ᠃
   ᠬᠤᠷᠠᠯ ᠠᠴᠠ᠂ ᠬᠤᠳᠠ᠂ ᠲᠣᠭᠤᠷᠢᠭ ᠤᠨ ᠬᠦᠩᠭᠡᠨ ᠴᠠᠭᠠᠨ ᠤ ᠰᠡᠭᠦᠯᠴᠢ ᠶᠢᠨ ᠡᠳ᠋ᠰᠢᠭᠦᠯᠦᠯᠲᠡ ᠶᠢᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠳᠠ ᠶᠢᠨ ᠮᠢᠩᠭᠠᠨ ᠳ᠋ᠦᠩᠰᠢᠭᠤᠷ ᠲᠡᠰ ᠤᠨ ᠬᠦᠩᠭᠡᠨ ᠴᠠᠭᠠᠨ ᠤ ᠠᠵᠤ ᠦᠢᠯᠡᠰ ᠤᠨ ᠪᠦᠯᠦᠭᠵᠢᠯ ᠪᠣᠯᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠬᠦᠩᠭᠡᠨ ᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠨ ᠪᠠᠶᠢᠭᠤᠯᠬᠤ ᠵᠡᠷᠭᠡ ᠡᠷᠬᠢᠮ ᠨᠠᠨᠳᠢᠨ ᠠᠵᠠ ᠲᠣᠬᠢᠶᠠᠯ ᠢ ᠪᠠᠲᠤ ᠡᠵᠡᠮᠳᠡᠵᠦ᠂ ᠮᠠᠨ ᠤ ᠣᠷᠣᠨ ᠤ ᠬᠦᠩᠭᠡᠨ ᠴᠠᠭᠠᠨ ᠤ ᠠᠵᠤ ᠦᠢᠯᠡᠰ ᠤᠨ ᠭᠤᠣᠯ ᠳᠠᠶᠢᠨ ᠤ ᠲᠠᠯᠠᠪᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠠᠶᠢᠯᠬᠤ ᠰᠡᠳᠬᠢᠬᠦᠢ ᠲᠠᠢ︾ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠠᠪᠠᠭᠤᠯᠢᠭ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠬᠦᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠥᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠤᠣᠯ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠤᠣᠯ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠬᠥᠩᠭᠡᠨᠴᠠᠭᠠᠨ ᠤ ᠰᠡᠭᠦᠯᠴᠢ ᠶᠢᠨ ᠡᠳ᠋ᠰᠢᠭᠦᠯᠦᠯᠲᠡ ᠶᠢᠨ ᠠᠵᠤ ᠦᠢᠯᠡᠰ ᠢ ᠬᠥᠭᠵᠢᠭᠦᠯᠵᠦ᠂ ᠳᠠᠪᠠᠭᠤᠯᠢᠭ ᠲᠠᠯ᠎ᠠ ᠪᠠᠨ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠭᠤᠣᠯ ᠬᠤᠳᠠ ᠶᠢᠨ ᠲᠣᠭᠤᠷᠢᠭ ᠤᠨ ᠬᠠᠭᠤᠴᠢᠨ ᠬᠤᠳᠠ ᠶᠢᠨ ᠲᠣᠭᠤᠷᠢᠭ ᠤᠨ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃    ᠪᠣᠯᠪᠠᠰᠤᠷᠠᠯ ᠤᠨ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠤᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠤᠰ ᠤᠳᠠᠭ᠎ᠠ ᠶᠢᠨ ᠪᠣᠯᠪᠠᠰᠤᠷᠠᠯ ᠤᠨ ᠬᠤᠷᠠᠯ ᠨᠢ ᠬᠤᠳᠠ᠂ ᠲᠣᠭᠤᠷᠢᠭ ᠬᠤᠶᠠᠷ ᠱᠠᠲᠤᠨ ᠤ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠪᠦᠬᠦ ᠬᠤᠳᠠ ᠶᠢᠨ ᠬᠦᠩᠭᠡᠨᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ᠂ ᠭᠤᠣᠯ ᠵᠢᠭᠰᠠᠭᠠᠯ ᠤᠨ ᠭᠠᠵᠠᠷ ᠲᠠᠬᠢ ᠦᠢᠯᠡᠳᠦᠯ ᠢ ᠪᠠᠳᠠᠷᠠᠭᠤᠯᠵᠤ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠤ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠶᠡᠭᠡ ᠬᠦᠴᠦᠷᠬᠡᠭ ᠢ ᠡᠯᠰᠡᠬᠦ᠂ ᠰᠢᠨ᠎ᠡ ᠰᠢᠯᠢᠳᠡᠭ ᠢ ᠡᠯᠰᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠳᠤ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠡᠷᠡᠭᠵᠢᠭᠦᠯᠬᠦ ᠴᠢᠨᠠᠷ ᠲᠠᠢ ᠶᠤᠮ ᠭᠡᠵᠡᠢ᠃
   ᠭᠡᠷ ᠲᠡᠭᠡᠨ ᠪᠠᠶᠢᠭ᠎ᠠ ᠪᠦᠬᠦ ᠰᠢᠶᠠᠨ ᠤ ᠱᠠᠲᠤᠨ ᠤ ᠤᠳᠤᠷᠢᠳᠬᠤ ᠺᠠᠳ᠋ᠷ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠡᠯ᠎ᠡ ᠪᠠᠶᠢᠭᠤᠯᠭ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠪᠦᠬᠦ ᠪᠠᠭ ᠤᠨ ᠪᠦᠷᠢᠯᠳᠦᠬᠦᠨ᠂ ᠲᠠᠰᠤᠭ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠬᠥᠮᠦᠰ᠂ ᠵᠠᠯᠠᠭᠤ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1