ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠤᠯᠠᠭᠠᠯᠭ᠎ᠠ ᠬᠠᠩᠭᠠᠬᠤ | ᠵᠠᠷᠤᠳᠠᠯ ᠢ ᠪᠤᠴᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠪᠣᠷ ᠰᠢᠷᠣᠶ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠨᠢᠭᠡᠴᠡ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ︽ᠪᠤᠭᠤᠲᠤ ᠬᠤᠲᠠ ᠶᠢᠨ ᠢᠯᠴᠢ ᠬᠠᠩᠭᠠᠬᠤ ᠰᠦᠢᠳᠬᠡᠯ ᠢ ᠪᠤᠴᠠᠭᠠᠬᠤ ᠠᠷᠭ᠎ᠠ︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | 2024 ᠣᠨ ᠤ 6 ᠰᠠᠷ᠎ᠠ ᠶᠢᠨ 24 ᠤ ᠡᠳᠦᠷ | ᠪᠤᠭᠤᠲᠤ ᠬᠤᠲᠠ ᠶᠢᠨ ᠢᠯᠴᠢ ᠬᠠᠩᠭᠠᠬᠤ ᠰᠦᠢᠳᠬᠡᠯ ᠢ ᠪᠤᠴᠠᠭᠠᠬᠤ ᠠᠷᠭ᠎ᠠ | ᠨᠢᠭᠡᠳᠦᠭᠡᠷ ᠵᠦᠢᠯ | ᠢᠯᠴᠢ ᠬᠠᠩᠭᠠᠬᠤ ᠶᠠᠰᠤ ᠴᠢᠨᠠᠷ ᠢ ᠦᠨᠡᠨᠬᠦ ᠪᠠᠲᠤᠯᠠᠵᠤ᠂ ᠢᠯᠴᠢ ᠬᠠᠩᠭᠠᠬᠤ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠤᠨ᠂ ᠢᠯᠴᠢ ᠬᠡᠷᠡᠭᠯᠡᠬᠦ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ | ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ | ᠳᠦᠷᠢᠮ︾ ᠪᠣᠯᠤᠨ ︽ᠪᠤᠭᠤᠲᠤ ᠬᠤᠲᠠ ᠶᠢᠨ ᠢᠯᠴᠢ ᠬᠠᠩᠭᠠᠬᠤ ᠳᠦᠷᠢᠮ︾ ᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠢᠯᠴᠢ ᠬᠠᠩᠭᠠᠬᠤ ᠨᠢᠭᠡᠴᠡ ᠴᠠᠭ ᠲᠠᠭᠠᠨ ᠢᠯᠴᠢ ᠬᠠᠩᠭᠠᠭᠰᠠᠨ ᠦᠭᠡᠶ ᠰᠦᠢᠳᠬᠡᠯ | ᠪᠤᠴᠠᠭᠠᠬᠤ ᠠᠷᠭ᠎ᠠ᠄ | ᠢᠯᠴᠢ ᠬᠠᠩᠭᠠᠬᠤ ᠨᠢᠭᠡᠴᠡ ᠪᠣᠯᠵᠣᠨ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠢᠯᠴᠢ ᠬᠡᠷᠡᠭᠯᠡᠬᠦ | ᠡᠷᠦᠬᠡ ᠳᠤ ᠢᠯᠴᠢ ᠬᠠᠩᠭᠠᠭᠰᠠᠨ ᠦᠭᠡᠶ ᠪᠣᠯ ᠢᠯᠴᠢ ᠬᠠᠩᠭᠠᠭᠰᠠᠨ ᠦᠭᠡᠶ ᠡᠳᠦᠷ ᠤᠨ ᠲᠤᠭ᠎ᠠ ᠪᠠᠷ ᠵᠣᠬᠢᠴᠠᠩᠭᠤᠶ | ᠳᠤᠯᠠᠭᠠᠯᠠᠯᠭ᠎ᠠ ᠶᠢᠨ ᠰᠦᠢᠳᠬᠡᠯ ᠢ ᠪᠤᠴᠠᠭᠠᠵᠤ ᠥᠭᠬᠦ ᠬᠡᠷᠡᠭᠲᠡᠶ᠃ | ︵ᠨᠢᠭᠡ︶ ᠪᠤᠴᠠᠭᠠᠬᠤ ᠰᠦᠢᠳᠭᠡᠯ ᠤᠨ ᠲᠤᠭ᠎ᠠ = ᠡᠳᠦᠷ ᠪᠦᠷᠢ ᠶᠢᠨ ᠳᠤᠮᠳᠠᠴᠢ ᠢᠯᠴᠢ ᠶᠢᠨ ᠵᠠᠷᠤᠳᠠᠯ × | ᠢᠯᠴᠢ ᠬᠠᠩᠭᠠᠭᠠᠳᠤᠢ ᠡᠳᠦᠷ ᠤᠨ ᠲᠤᠭ᠎ᠠ︔ | ︵ᠬᠤᠶᠠᠷ᠂ ᠡᠳᠦᠷ ᠤᠨ ᠳᠤᠮᠳᠠᠴᠢ ᠢᠯᠴᠢ ᠶᠢᠨ ᠵᠠᠷᠤᠳᠠᠯ = ᠳᠤᠯᠠᠭᠠᠯᠠᠭ᠎ᠠ ᠶᠢᠨ ᠵᠠᠷᠤᠳᠠᠯ ᠤᠨ ᠶᠡᠷᠦᠩᠬᠡᠶ | ᠲᠤᠭ᠎ᠠ / ᠲᠤᠰ ᠳᠤᠯᠠᠭᠠᠯᠠᠭ᠎ᠠ ᠶᠢᠨ ᠬᠤᠭᠤᠴᠠᠭᠠᠨ ᠳᠤ ᠬᠠᠤᠯᠢ ᠪᠠᠷ ᠲᠣᠭᠲᠠᠭᠠᠭᠰᠠᠨ ᠢᠯᠴᠢ ᠬᠠᠩᠭᠠᠬᠤ ᠡᠳᠦᠷ ᠤᠨ | ᠲᠤᠭ᠎ᠠ ︵ᠲᠤᠰ ᠵᠢᠯ ᠤᠨ 10 ᠳ᠋ᠤᠭᠠᠷ ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 4 ᠳ᠋ᠦ᠋ᠭᠡᠷ ᠰᠠᠷ᠎ᠠ ᠶᠢᠨ | 15 ᠤ ᠡᠳᠦᠷ ᠪᠣᠯᠲᠠᠯ᠎ᠠ︶ | ᠭᠤᠷᠪᠠᠳᠤᠭᠠᠷ ᠵᠦᠢᠯ | ᠢᠯᠴᠢ ᠬᠠᠩᠭᠠᠬᠤ ᠡᠷᠦᠬᠡ ᠶᠢᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠡᠳᠦᠶ ᠪᠣᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠳᠦᠷᠢᠮ︾ | ᠤᠨ ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠢᠯᠴᠢ ᠬᠠᠩᠭᠠᠬᠤ ᠬᠤᠭᠤᠴᠠᠭᠠᠨ ᠳᠤ᠂ | ᠤᠯᠤᠰ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠳᠤ ᠨᠡᠶᠢᠴᠡᠭᠰᠡᠨ ᠣᠷᠣᠨ ᠰᠠᠭᠤᠴᠠ ᠶᠢᠨ ᠪᠠᠷᠢᠯᠭ᠎ᠠ ᠳᠤ | ᠢᠯᠴᠢ ᠬᠠᠩᠭᠠᠬᠤ ᠨᠢᠭᠡᠴᠡ ᠨᠢ ᠢᠯᠴᠢ ᠬᠡᠷᠡᠭᠯᠡᠬᠦ ᠡᠷᠦᠬᠡ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ | ᠡᠳᠦᠷ ᠲᠡᠭᠡᠨ 18 ᠭᠷᠠᠳᠦ᠋ᠰ ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ᠃ | ᠬᠠᠯᠠᠭᠤᠨ ᠬᠡᠷᠡᠭᠯᠡᠬᠦ ᠡᠷᠦᠬᠡ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ 18 ᠭᠷᠠᠳᠦ᠋ᠰ ᠠᠴᠠ ᠳᠣᠷᠣᠭᠰᠢ | ᠪᠠᠶᠢᠪᠠᠯ ᠵᠣᠬᠢᠴᠠᠩᠭᠤᠶ ᠳᠤᠯᠠᠭᠠᠯᠠᠬᠤ ᠵᠠᠷᠤᠳᠠᠯ ᠢ ᠪᠤᠴᠠᠭᠠᠬᠤ ᠬᠡᠷᠡᠭᠲᠡᠶ᠃ | ᠳᠥᠷᠪᠡᠳᠦᠭᠡᠷ ᠵᠦᠢᠯ ᠳᠤᠯᠠᠭᠠᠨ ᠢ ᠬᠡᠮᠵᠢᠨ ᠲᠣᠭᠲᠠᠭᠠᠬᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠳᠦᠷᠢᠮ | ︾ ᠤᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠢᠯᠴᠢ ᠬᠡᠷᠡᠭᠯᠡᠭᠴᠢ ᠭᠡᠷ ᠳᠣᠲᠣᠷᠠᠬᠢ | ᠳᠤᠯᠠᠭᠠᠨ ᠤ ᠬᠡᠮᠵᠢᠶ᠎ᠡ ᠨᠢ ᠲᠣᠭᠲᠠᠭᠰᠠᠨ ᠳᠤᠯᠠᠭᠠᠴᠠ ᠳᠤ ᠬᠦᠷᠦᠭᠰᠡᠨ ᠦᠭᠡᠢ ᠭᠡᠵᠦ ᠦᠵᠡᠪᠡᠯ᠂ ᠪᠠᠶᠢᠭ᠎ᠠ | ᠭᠠᠵᠠᠷ ᠤᠨ ᠢᠯᠴᠢ ᠬᠠᠩᠭᠠᠬᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠢᠯᠴᠢ | ᠬᠠᠩᠭᠠᠬᠤ ᠨᠢᠭᠡᠴᠢ ᠳᠤ ᠵᠠᠭᠠᠯᠳᠤᠵᠤ ᠪᠣᠯᠣᠨ᠎ᠠ᠃ | ᠢᠯᠴᠢ ᠬᠠᠩᠭᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠬᠤᠷᠢᠨ ᠳᠥᠷᠪᠡᠨ ᠴᠠᠭ ᠤᠨ ᠳᠣᠲᠣᠷ᠎ᠠ ᠬᠢᠷᠢ ᠭᠡᠮ ᠲᠠᠢ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠠᠶ ᠳᠤ ᠳᠤᠯᠠᠭᠠᠴᠠᠭᠤᠯᠬᠤ ᠬᠡᠷᠡᠭᠲᠡᠶ᠃ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠤᠷᠢᠶᠠᠭᠰᠠᠨ ᠪᠠᠶᠢᠴᠠᠭᠠᠨ ᠰᠢᠯᠭᠠᠬᠤ ᠵᠠᠷᠤᠳᠠᠯ ᠢ ᠬᠠᠷᠢᠭᠤᠴᠠᠯᠭ᠎ᠠ ᠲᠠᠢ ᠲᠠᠯ᠎ᠠ ᠠᠴᠠ | ᠡᠭᠦᠷᠭᠡᠯᠡᠨ᠎ᠡ᠃ | ᠢᠯᠴᠢ ᠬᠠᠩᠭᠠᠬᠤ ᠨᠢᠭᠡᠴᠡ ᠨᠢ ᠵᠠᠭᠠᠯᠳᠤᠯᠭ᠎ᠠ ᠶᠢ ᠬᠦᠯᠢᠶᠡᠨ ᠠᠪᠤᠭᠰᠠᠨ ᠠᠷᠪᠠᠨ ᠬᠤᠶᠠᠷ ᠴᠠᠭ ᠤᠨ ᠳᠣᠲᠣᠷ᠎ᠠ | ᠲᠤᠬᠠᠶ ᠶᠢᠨ ᠲᠠᠯᠠᠪᠤᠷ ᠲᠤ ᠳᠤᠯᠠᠭᠠᠨ ᠢ ᠬᠡᠮᠵᠢᠵᠦ᠂ ᠢᠯᠴᠢ ᠬᠡᠷᠡᠭᠯᠡᠭᠴᠢ ᠬᠠᠮᠵᠢᠯᠴᠠᠬᠤ ᠬᠡᠷᠡᠭᠲᠡᠶ᠃ | ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ ᠳᠤ᠂ ᠤᠯᠤᠰ ᠤᠨ ᠬᠠᠮᠢᠶ᠎ᠠ ᠪᠦᠬᠦᠢ | ᠮᠡᠷᠭᠡᠵᠢᠯ ᠤᠨ ᠵᠢᠷᠤᠮᠵᠢᠯ ᠤᠨ ᠪᠠᠷᠢᠮᠵᠢᠶ᠎ᠠ ᠶᠣᠰᠣᠭᠠᠷ᠂ ᠭᠡᠷ ᠪᠠᠶᠢᠰᠢᠩ ᠤᠨ ᠦᠨᠴᠦᠭ ᠱᠤᠭᠤᠮ ᠤᠨ ᠭᠤᠣᠯ | ᠴᠢᠭ ᠠᠴᠠ ᠭᠠᠵᠠᠷ ᠤᠨ ᠭᠠᠳᠠᠷᠭᠤ ᠶᠢᠨ ᠥᠨᠳᠥᠷ ᠠᠴᠠ 1.2 ᠮᠧᠳ᠋ᠷ ᠠᠴᠠ 1.5 ᠮᠧᠳ᠋ᠷ ᠤᠨ ᠵᠠᠢ ᠪᠠᠷ ᠪᠠᠶᠢᠴᠠᠭᠠᠨ | ᠬᠡᠮᠵᠢᠬᠦ ᠴᠡᠭ ᠪᠣᠯᠭᠠᠵᠤ᠂ ᠬᠤᠷᠢᠨ ᠳᠥᠷᠪᠡᠨ ᠴᠠᠭ ᠢᠶᠠᠷ ᠨᠢᠭᠡ ᠪᠠᠶᠢᠴᠠᠭᠠᠨ ᠬᠡᠮᠵᠢᠬᠦ ᠴᠠᠭ ᠪᠣᠯᠭᠠᠵᠤ᠂ ᠬᠠᠯᠠᠭᠤᠨ | ᠬᠡᠷᠡᠭᠯᠡᠭᠴᠢ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠲᠤᠬᠠᠶ ᠶᠢᠨ ᠭᠠᠵᠠᠷ ᠲᠤᠨᠢ ᠬᠡᠮᠵᠢᠬᠦ ᠬᠡᠷᠡᠭᠲᠡᠶ᠃ | ᠳᠤᠯᠠᠭᠠᠨ ᠤ ᠬᠡᠮᠵᠢᠶ᠎ᠡ ᠶᠢ ᠬᠡᠮᠵᠢᠬᠦ ᠠᠷᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠢ ᠬᠡᠷᠡᠭᠵᠢᠭᠦᠯᠬᠦ ᠬᠡᠷᠡᠭᠲᠡᠢ᠃ ᠳᠤᠯᠠᠭᠠᠨ ᠢ ᠬᠡᠮᠵᠢᠬᠦ ᠴᠠᠭ᠂ ᠳᠤᠯᠠᠭᠠᠨ ᠢ ᠬᠡᠮᠵᠢᠭᠰᠡᠨ ᠦᠷ᠎ᠡ ᠳ᠋ᠦᠩ ᠢ | ᠬᠤᠶᠠᠷ ᠲᠠᠯ᠎ᠠ ᠪᠠᠷ ᠢᠶᠠᠨ ᠬᠠᠮᠲᠤᠪᠠᠷ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃ | ᠬᠡᠷᠪᠡ ᠬᠡᠷᠡᠭᠯᠡᠭᠴᠢ ᠳᠤᠯᠠᠭᠠᠨ ᠢ ᠬᠡᠮᠵᠢᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠢᠯᠴᠢ | ᠬᠠᠩᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠤᠨ᠎ᠠ᠃ | ᠲᠠᠪᠤᠳᠤᠭᠠᠷ ᠵᠦᠢᠯ ᠰᠦᠢᠳᠬᠡᠯ ᠪᠤᠴᠠᠭᠠᠬᠤ ᠪᠠᠷᠢᠮᠵᠢᠶ᠎ᠠ | ︵ᠨᠢᠬᠡ᠂ ᠬᠡᠷ ᠲᠤᠳᠤᠷᠠᠬᠢ ᠲᠤᠯᠠᠭᠠᠴᠠ ᠶᠢᠨ ᠬᠡᠮᠵᠢᠶ᠎ᠠ ᠨᠢ 18 ᠭᠷᠠᠲᠦᠰ ᠤᠨ ᠲᠤᠯᠠᠭᠠᠴᠠ ᠪᠠᠭᠳᠠᠨ᠎ᠠ︶ ᠰᠦᠢᠳᠬᠡᠯ | ᠪᠤᠴᠠᠭᠠᠬᠤ ᠬᠠᠷᠢᠴᠠᠯ ᠨᠢ 100% ᠪᠣᠯᠤᠨ᠎ᠠ᠃ | ︵ᠬᠤᠶᠠᠷ᠂ ᠬᠠᠯᠠᠭᠤᠨ ᠬᠡᠷᠡᠭᠯᠡᠭᠴᠢ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠨᠢ ᠪᠣᠯᠵᠣᠨ ᠲᠣᠭᠲᠠᠭᠰᠠᠨ | ᠪᠠᠷᠢᠮᠵᠢᠶ᠎ᠠ ᠳᠤ ᠦᠯᠦ ᠬᠦᠷᠦᠭᠰᠡᠨ ᠡᠳᠦᠷ ᠤᠨ ᠲᠤᠭ᠎ᠠ ᠶᠢ ᠳᠣᠣᠷᠠᠬᠢ ᠪᠠᠶᠢᠳᠠᠯ ᠢᠶᠠᠷ ᠪᠤᠳᠤᠨ᠎ᠠ ᠃ | 1. ᠢᠯᠴᠢ ᠬᠡᠷᠡᠭᠯᠡᠭᠴᠢ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠨᠢ ᠪᠣᠯᠵᠣᠨ ᠲᠣᠭᠲᠠᠭᠰᠠᠨ ᠪᠠᠷᠢᠮᠵᠢᠶ᠎ᠠ ᠳᠤ | ᠬᠦᠷᠦᠭᠰᠡᠨ ᠢ ᠣᠯᠵᠤ ᠮᠡᠳᠡᠪᠡᠯ᠂ ᠡᠩ ᠲᠡᠷᠢᠭᠦᠨ ᠳᠤ ᠢᠯᠴᠢ ᠬᠠᠩᠭᠠᠬᠤ ᠨᠢᠭᠡᠴᠡ ᠳᠤ ᠮᠡᠳᠡᠭᠦᠯᠦᠨ ᠵᠠᠰᠠᠭᠤᠯᠵᠤ᠂ | ᠢᠯᠴᠢ ᠬᠠᠩᠭᠠᠬᠤ ᠨᠢᠭᠡᠴᠡ ᠨᠢ ᠢᠯᠴᠢ ᠬᠡᠷᠡᠭᠯᠡᠭᠴᠢ ᠰᠡᠯᠪᠢᠨ ᠵᠠᠰᠠᠬᠤ ᠪᠠᠷ ᠮᠡᠳᠡᠭᠦᠯᠦᠭᠰᠡᠨ 12 ᠴᠠᠭ ᠤᠨ ᠳᠣᠲᠣᠷ᠎ᠠ | ᠡᠷᠦᠬᠡ ᠳᠤ ᠬᠦᠷᠴᠦ ᠳᠤᠯᠠᠭᠠᠨ ᠤ ᠬᠡᠮᠵᠢᠶ᠎ᠡ ᠶᠢ ᠲᠣᠬᠢᠷᠠᠭᠤᠯᠬᠤ ᠶᠢᠨ ᠬᠠᠮᠲᠤ ᠲᠣᠬᠢᠷᠠᠭᠤᠯᠵᠤ ᠪᠠᠶᠢᠴᠠᠭᠠᠨ ᠵᠠᠰᠠᠬᠤ | ᠬᠡᠷᠡᠭᠲᠡᠶ᠃ | 2. ᠢᠯᠴᠢ ᠬᠠᠩᠭᠠᠬᠤ ᠡᠷᠦᠬᠡ ᠰᠡᠯᠪᠢᠨ ᠵᠠᠰᠠᠭᠤᠯᠬᠤ ᠪᠠᠷ ᠮᠡᠳᠡᠭᠦᠯᠦᠭᠰᠡᠨ ᠴᠠᠭ ᠠᠴᠠ ᠡᠬᠢᠯᠡᠨ᠂ 24 | ᠴᠠᠭ ᠤᠨ ᠳᠣᠲᠣᠷ᠎ᠠ ᠢᠯᠴᠢ ᠬᠠᠩᠭᠠᠬᠤ ᠨᠢᠭᠡᠴᠢ ᠶᠢᠨ ᠲᠣᠬᠢᠷᠠᠭᠤᠯᠤᠯᠲᠠ ᠪᠠ ᠪᠠᠶᠢᠴᠠᠭᠠᠨ ᠵᠠᠰᠠᠯᠲᠠ ᠪᠠᠷ ᠳᠡᠮᠵᠢᠨ᠂ | ᠳᠤᠯᠠᠭᠠᠨ ᠤ ᠬᠡᠮᠵᠢᠶ᠎ᠡ ᠨᠢ ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠪᠤᠴᠠᠭᠠᠬᠤ | ᠰᠦᠢᠳᠬᠡᠯ ᠳᠤ ᠪᠣᠳᠣᠵᠤ ᠣᠷᠣᠭᠤᠯᠬᠤ ᠦᠭᠡᠢ᠂ 24 ᠴᠠᠭ ᠤᠨ ᠳᠣᠲᠣᠷ᠎ᠠ ᠢᠯᠴᠢ ᠬᠠᠩᠭᠠᠬᠤ ᠨᠢᠭᠡᠴᠢ ᠶᠢᠨ | ᠲᠣᠬᠢᠷᠠᠭᠤᠯᠤᠯᠲᠠ ᠪᠠ ᠪᠠᠶᠢᠴᠠᠭᠠᠨ ᠵᠠᠰᠠᠯᠲᠠ ᠪᠠᠷ ᠳᠠᠮᠵᠢᠭᠠᠳ ᠮᠥᠨ ᠯᠡ ᠪᠣᠯᠵᠣᠨ ᠲᠣᠭᠲᠠᠭᠰᠠᠨ ᠪᠠᠷᠢᠮᠵᠢᠶ᠎ᠠ ᠳᠤ | ᠬᠦᠷᠦᠭᠰᠡᠨ ᠦᠭᠡᠢ ᠪᠠᠶᠢᠪᠠᠯ᠂ ᠢᠯᠴᠢ ᠬᠠᠩᠭᠠᠬᠤ ᠡᠷᠦᠬᠡ ᠶᠢᠨ ᠰᠡᠯᠪᠢᠨ ᠵᠠᠰᠠᠬᠤ ᠪᠠᠷ ᠮᠡᠳᠡᠭᠦᠯᠦᠭᠰᠡᠨ ᠡᠳᠦᠷ ᠠᠴᠠ | ᠡᠬᠢᠯᠡᠵᠦ ᠳᠤᠯᠠᠭᠠᠨ ᠤ ᠬᠡᠮᠵᠢᠶ᠎ᠡ ᠨᠢ ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠪᠤᠴᠠᠭᠠᠭᠰᠠᠨ | ᠰᠦᠢᠳᠬᠡᠯ ᠳᠤ ᠪᠣᠳᠣᠵᠤ ᠣᠷᠣᠭᠤᠯᠤᠨ᠎ᠠ᠃ | 3. ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ | ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠢᠯᠴᠢ ᠡᠭᠦᠰᠭᠡᠭᠴᠢ ᠶᠢᠨ | ᠨᠢᠭᠡᠴᠢ ᠪᠣᠶᠣ ᠢᠯᠴᠢ ᠬᠠᠩᠭᠠᠬᠤ ᠨᠢᠭᠡᠴᠢ ᠶᠢᠨ ᠰᠢᠯᠲᠠᠭᠠᠨ ᠠᠴᠠ ᠪᠣᠯᠵᠤ ᠵᠠᠯᠭᠠᠭ᠎ᠠ ᠪᠠᠷ ᠢᠯᠴᠢ ᠵᠣᠭᠰᠣᠭᠠᠳ | ᠬᠤᠷᠢᠨ ᠳᠥᠷᠪᠡᠨ ᠴᠠᠭ ᠠᠴᠠ ᠬᠡᠲᠦᠷᠡᠭᠰᠡᠨ ᠪᠠᠶᠢᠪᠠᠯ᠂ ᠢᠯᠴᠢ ᠬᠠᠩᠭᠠᠬᠤ ᠨᠢᠭᠡᠴᠢ ᠨᠢ ᠢᠯᠴᠢ ᠵᠣᠭᠰᠣᠭᠰᠠᠨ | ᠡᠳᠦᠷ ᠠᠴᠠ ᠡᠬᠢᠯᠡᠨ ᠡᠳᠦᠷ ᠢᠶᠠᠷ ᠢᠯᠴᠢ ᠬᠡᠷᠡᠭᠯᠡᠬᠦ ᠡᠷᠦᠭᠡ ᠶᠢᠨ ᠢᠯᠴᠢ ᠶᠢᠨ ᠵᠠᠷᠤᠳᠠᠯ ᠢ ᠪᠤᠴᠠᠭᠠᠵᠤ ᠥᠭᠬᠦ | ᠬᠡᠷᠡᠭᠲᠡᠢ᠃ | ᠵᠢᠷᠭᠤᠳᠤᠭᠠᠷ ᠵᠦᠢᠯ | ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠢᠯᠴᠢ ᠬᠠᠩᠭᠠᠬᠤ ᠬᠡᠷᠡᠭᠯᠡᠭᠴᠢ ᠶᠢᠨ ᠭᠡᠷ | ᠳᠣᠲᠣᠷᠠᠬᠢ ᠳᠤᠯᠠᠭᠠᠨ ᠤ ᠬᠡᠮᠵᠢᠶ᠎ᠡ ᠨᠢ ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠦᠭᠡᠳᠦᠶ ᠪᠣᠯ ᠢᠯᠴᠢ ᠬᠠᠩᠭᠠᠬᠤ | ᠨᠢᠭᠡᠴᠡ ᠨᠢ ᠪᠣᠯᠵᠤᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠠᠴᠠ ᠬᠡᠯᠲᠦᠷᠢᠭᠦᠯᠵᠦ᠂ ᠭᠡᠬᠦ ᠳᠡᠭᠡᠨ | ᠵᠣᠬᠢᠴᠠᠩᠭᠤᠶ ᠪᠦᠬᠦᠢ ᠭᠡᠷᠡᠴᠢ ᠬᠠᠩᠭᠠᠬᠤ ᠬᠡᠷᠡᠭᠲᠡᠶ᠃ | ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ | ᠬᠠᠩᠭᠠᠬᠤ ᠲᠦᠷᠢᠮ︾ ᠤᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠢᠯᠴᠢ ᠬᠡᠷᠡᠭᠯᠡᠭᠴᠢ | ᠳᠣᠤᠷᠠᠬᠢ ᠮᠡᠲᠦ ᠦᠢᠯᠡ ᠠᠵᠢᠯᠯᠠᠭ᠎ᠠ ᠶᠢ ᠬᠢᠵᠦ ᠪᠣᠯᠬᠤ ᠥᠬᠡᠶ᠄ | 1᠂ ᠢᠯᠴᠢ ᠬᠠᠩᠭᠠᠬᠤ ᠲᠥᠬᠦᠭᠡᠷᠦᠮᠵᠢ ᠠᠴᠠ ᠢᠯᠴᠢ ᠬᠠᠩᠭᠠᠬᠤ ᠡᠷᠭᠢᠯᠲᠡᠲᠦ ᠤᠰᠤ ᠶᠢ ᠠᠪᠴᠤ ᠬᠡᠷᠡᠭᠯᠡᠪᠡ᠃ | 2. ᠢᠯᠴᠢ ᠬᠠᠩᠭᠠᠬᠤ ᠨᠢᠭᠡᠴᠢ ᠶᠢᠨ ᠵᠥᠪᠰᠢᠶᠡᠷᠡᠯ ᠦᠭᠡᠢ ᠪᠠᠷ ᠢᠯᠴᠢ ᠬᠠᠩᠭᠠᠬᠤ ᠲᠠᠯᠠᠪᠠᠢ ᠶᠢ | ᠳᠤᠷ᠎ᠠ ᠪᠠᠷ ᠢᠶᠠᠨ ᠨᠡᠮᠡᠭᠳᠡᠭᠦᠯᠬᠦ ᠪᠤᠶᠤ ᠢᠯᠴᠢ ᠬᠡᠷᠡᠭᠯᠡᠬᠦ ᠰᠢᠨᠵᠢ ᠴᠢᠨᠠᠷ ᠢ ᠬᠤᠪᠢᠷᠠᠭᠤᠯᠤᠨ᠎ᠠ᠃ | 3. ᠢᠯᠴᠢ ᠬᠠᠩᠭᠠᠬᠤ ᠬᠤᠭᠤᠯᠠᠶ ᠳᠡᠭᠡᠷ᠎ᠡ ᠬᠤᠭᠤᠯᠠᠶ ᠶᠢᠨ ᠬᠥᠭᠡᠷᠭᠡ ᠤᠭᠰᠠᠷᠠᠬᠤ ᠵᠡᠷᠭᠡ ᠢᠯᠴᠢ ᠬᠠᠩᠭᠠᠬᠤ | ᠠᠵᠢᠯᠯᠠᠭᠠᠨ ᠤ ᠠᠷᠭ᠎ᠠ ᠮᠠᠶ᠋ᠢᠭ ᠢ ᠬᠤᠪᠢᠷᠠᠭᠤᠯᠤᠨ᠎ᠠ᠃ | 4. ᠢᠯᠴᠢ ᠬᠠᠩᠭᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠬᠠᠷᠰᠢᠯᠠᠬᠤ ᠪᠤᠰᠤᠳ ᠦᠢᠯᠡ ᠠᠵᠢᠯᠯᠠᠭ᠎ᠠ᠃ | | ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ | ᠬᠠᠩᠭᠠᠬᠤ ᠲᠦᠷᠢᠮ︾ ᠤᠨ ᠳᠥᠴᠢᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠢᠯᠴᠢ ᠬᠡᠷᠡᠭᠯᠡᠭᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠲᠦᠷᠢᠮ︾ ᠤᠨ | ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠤᠶᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠲᠦᠷᠢᠮ︾ ᠳᠤ ᠲᠣᠭᠲᠠᠭᠠᠭᠰᠠᠨ ᠳᠤᠯᠠᠭᠠᠨ ᠤ ᠬᠡᠮᠵᠢᠶ᠎ᠡ ᠠᠴᠠ | ᠳᠣᠤᠷ᠎ᠠ ᠪᠤᠶᠤ ᠢᠯᠴᠢ ᠬᠠᠩᠭᠠᠬᠤ ᠳᠤ ᠬᠠᠮᠲᠤᠷᠠᠨ ᠳᠤᠯᠠᠭᠠᠨ ᠤ ᠬᠡᠮᠵᠢᠶ᠎ᠡ ᠲᠠᠢ ᠪᠠᠶᠢᠪᠠᠯ᠂ ᠢᠯᠴᠢ ᠬᠠᠩᠭᠠᠬᠤ | ᠨᠢᠭᠡᠴᠡ ᠬᠠᠷᠢᠭᠤᠴᠠᠯᠭ᠎ᠠ ᠡᠭᠦᠷᠭᠡᠯᠡᠬᠦ ᠥᠬᠡᠶ᠄ | 1. ᠲᠣᠭᠲᠠᠭᠠᠯ ᠶᠣᠰᠣᠭᠠᠷ ᠢᠯᠴᠢ ᠶᠢᠨ ᠰᠦᠢᠳᠬᠡᠯ ᠲᠤᠰᠢᠶᠠᠭᠰᠠᠨ ᠦᠭᠡᠢ︔ | 2. ᠭᠡᠷ ᠳᠣᠲᠣᠷᠠᠬᠢ ᠵᠠᠰᠠᠯ ᠴᠢᠮᠡᠭᠯᠡᠯ ᠢᠯᠴᠢ ᠰᠠᠷᠨᠢᠭᠤᠯᠤᠭᠴᠢ ᠨᠢ ᠢᠯᠴᠢ ᠬᠠᠩᠭᠠᠬᠤ ᠦᠷ᠎ᠡ ᠪᠦᠲᠦᠮᠵᠢ ᠶᠢ | ᠬᠦᠨᠳᠦ ᠨᠣᠴᠢᠲᠠᠶ ᠨᠥᠯᠥᠭᠡᠯᠡᠭᠰᠡᠨ | 3. ᠬᠡᠪ ᠤᠨ ᠶᠣᠰᠣᠭᠠᠷ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠃ | 4. ᠢᠯᠴᠢ ᠬᠠᠩᠭᠠᠬᠤ ᠨᠢᠭᠡᠴᠢ ᠶᠢᠨ ᠬᠡᠪ ᠤᠨ ᠪᠠᠶᠢᠴᠠᠭᠠᠨ ᠵᠠᠰᠠᠬᠤ᠂ ᠵᠠᠪᠳᠤᠨ ᠵᠠᠰᠠᠬᠤ ᠶᠢ ᠲᠡᠪᠴᠢᠵᠦ᠂ | ᠬᠠᠷᠰᠢᠯᠠᠭᠰᠠᠨ | ︵ᠭᠤᠷᠪᠠ︶ ᠭᠡᠷ ᠤᠨ ᠭᠠᠳᠠᠨᠠᠬᠢ ᠡᠳᠦᠷ ᠤᠨ ᠳᠤᠮᠳᠠᠴᠢ ᠳᠤᠯᠠᠭᠠᠨ ᠤ ᠬᠡᠮᠵᠢᠶ᠎ᠡ 16.6℃ ᠠᠴᠠ ᠳᠣᠣᠷ᠎ᠠ | ᠪᠠᠶᠢᠳᠠᠭ᠃ | ᠳᠣᠯᠣᠳᠤᠭᠠᠷ ᠵᠦᠢᠯ ᠰᠦᠢᠳᠬᠡᠯ ᠪᠤᠴᠠᠭᠠᠬᠤ ᠶᠠᠪᠤᠴᠠ | ︵ᠨᠢᠭᠡ︶ ᠭᠡᠷ ᠤᠨ ᠳᠤᠯᠠᠭᠠᠨ ᠨᠢ ᠪᠠᠷᠢᠮᠵᠢᠶ᠎ᠠ ᠳᠤ ᠬᠦᠷᠬᠦ ᠦᠭᠡᠢ ᠰᠦᠢᠳᠬᠡᠯ ᠪᠤᠴᠠᠭᠠᠬᠤ ᠡᠳᠦᠷ ᠤᠨ | ᠲᠤᠭ᠎ᠠ ᠶᠢ ᠮᠠᠭᠠᠳᠯᠠᠨ ᠲᠣᠭᠲᠠᠭᠠᠬᠤ᠄ ᠢᠯᠴᠢ ᠬᠡᠷᠡᠭᠯᠡᠭᠴᠢ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠠᠪᠴᠤ | ᠢᠯᠴᠢ ᠬᠠᠩᠭᠠᠬᠤ ᠨᠢᠭᠡᠴᠡ ᠳᠤ ᠭᠤᠶᠤᠴᠢᠯᠠᠯ ᠳᠤᠷᠠᠳᠤᠨ᠎ᠠ᠃ ᠢᠯᠴᠢ ᠬᠠᠩᠭᠠᠬᠤ ᠨᠢᠭᠡᠴᠡ ᠢᠯᠴᠢ ᠬᠡᠷᠡᠭᠯᠡᠬᠦ | ᠡᠷᠦᠬᠡ ᠶᠢᠨ ᠰᠦᠢᠳᠬᠡᠯ ᠢ ᠪᠤᠴᠠᠭᠠᠬᠤ ᠭᠠᠷᠳᠠᠮ ᠢ ᠴᠠᠭ ᠲᠤᠬᠠᠶ ᠳᠤᠨᠢ ᠦᠨᠡᠮᠰᠢᠬᠦ ᠬᠡᠷᠡᠭᠲᠡᠶ᠃ ᠰᠦᠢᠳᠭᠡᠯ | ᠪᠤᠴᠠᠭᠠᠬᠤ ᠡᠳᠦᠷ ᠤᠨ ᠲᠤᠭ᠎ᠠ ᠨᠢ ᠢᠯᠴᠢ ᠬᠡᠷᠡᠭᠯᠡᠭᠴᠢᠳ ᠪᠠᠷᠢᠮᠵᠢᠶ᠎ᠠ ᠳᠤ ᠬᠦᠷᠬᠦ ᠦᠭᠡᠢ ᠡᠳᠦᠷ ᠠᠴᠠ ᠡᠬᠢᠯᠡᠨ | ᠢᠯᠴᠢ ᠬᠠᠩᠭᠠᠬᠤ ᠨᠢᠭᠡᠴᠡ ᠠᠴᠠ ᠲᠣᠰ ᠢᠯᠴᠢ ᠬᠠᠩᠭᠠᠬᠤ ᠡᠷᠦᠬᠡ ᠶᠢᠨ ᠬᠡᠷ ᠳᠣᠲᠣᠷᠠᠬᠢ ᠳᠤᠯᠠᠭᠠᠨ ᠤ | ᠪᠠᠷᠢᠮᠵᠢᠶ᠎ᠠ ᠳᠤ ᠬᠦᠷᠦᠭᠰᠡᠨ ᠭᠡᠷᠡᠴᠢ ᠪᠠᠷᠢᠮᠲᠠ ᠶᠢ ᠬᠠᠩᠭᠠᠬᠤ ᠡᠳᠦᠷ ᠪᠣᠯᠤᠨ᠎ᠠ᠃ ᠬᠡᠷᠪᠡ ᠢᠯᠴᠢ ᠬᠠᠩᠭᠠᠬᠤ ᠨᠢᠭᠡᠴᠢ | ᠬᠡᠷ ᠤᠨ ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠭᠡᠷᠡᠴᠢ ᠪᠠᠷᠢᠮᠲᠠ ᠶᠢ ᠬᠠᠩᠭᠠᠬᠤ ᠶᠢᠨ ᠠᠷᠭ᠎ᠠ ᠥᠬᠡᠶ ᠪᠣᠯ | ᠰᠦᠢᠳᠭᠡᠯ ᠪᠤᠴᠠᠭᠠᠬᠤ ᠡᠳᠦᠷ ᠤᠨ ᠲᠤᠭ᠎ᠠ ᠲᠤᠯᠠᠭᠠᠯᠠᠭ᠎ᠠ ᠶᠢᠨ ᠬᠤᠭᠤᠴᠠᠭ᠎ᠠ ᠳᠠᠭᠤᠰᠬᠤ ᠦᠶ᠎ᠡ ᠪᠣᠯᠤᠨ᠎ᠠ᠃ | ︵ᠬᠤᠶᠠᠷ︶ ᠵᠠᠷᠤᠳᠠᠯ ᠢ ᠮᠠᠭᠠᠳᠯᠠᠨ ᠲᠣᠭᠲᠠᠭᠠᠬᠤ ᠳᠤ ᠲᠤᠰ ᠠᠷᠭ᠎ᠠ ᠶᠢᠨ ᠢᠯᠴᠢ ᠬᠠᠩᠭᠠᠬᠤ ᠬᠡᠷᠡᠭᠯᠡᠭᠴᠢ ᠶᠢᠨ | ᠭᠡᠷ ᠤᠨ ᠳᠤᠯᠠᠭᠠᠨ ᠤ ᠪᠠᠷᠢᠮᠵᠢᠶ᠎ᠠ ᠳᠤ ᠬᠦᠷᠬᠦ ᠦᠭᠡᠢ ᠦᠶ᠎ᠡ ᠶᠢᠨ ᠰᠦᠢᠳᠬᠡᠯ ᠢ ᠪᠤᠴᠠᠭᠠᠬᠤ ᠠᠷᠭ᠎ᠠ ᠪᠠᠷ ᠪᠣᠳᠣᠵᠤ᠂ | ᠵᠠᠷᠤᠳᠠᠯ ᠢ ᠪᠣᠳᠣᠵᠤ ᠭᠠᠷᠭᠠᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠭᠠᠷ ᠤᠨ ᠦᠰᠦᠭ ᠵᠢᠷᠤᠵᠤ | ᠨᠤᠲᠠᠯᠠᠬᠤ ᠬᠡᠷᠡᠭᠲᠡᠢ᠃ | ︵ᠭᠤᠷᠪᠠ︶ ᠰᠦᠢᠳᠬᠡᠯ ᠪᠤᠴᠠᠭᠠᠬᠤ ᠴᠠᠭ | ᠢᠯᠴᠢ ᠶᠢᠨ ᠵᠠᠷᠤᠳᠠᠯ ᠢ ᠪᠤᠴᠠᠭᠠᠬᠤ ᠳᠤ ᠵᠢᠯ ᠪᠦᠷᠢ ᠶᠢᠨ ᠳᠤᠯᠠᠭᠠᠯᠠᠬᠤ ᠬᠤᠭᠤᠴᠠᠭ᠎ᠠ ᠨᠢ ᠳᠠᠭᠤᠰᠤᠭᠰᠠᠨ | ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠡᠷᠡᠭᠯᠡᠭᠴᠢ ᠳᠤ ᠮᠡᠳᠡᠭᠳᠡᠬᠦ ᠶᠢᠨ ᠬᠠᠮᠲᠤ ᠵᠠᠷᠤᠳᠠᠯ ᠢ ᠨᠢ | ᠪᠤᠴᠠᠭᠠᠬᠤ ᠬᠡᠷᠡᠭᠲᠡᠶ᠃ | ᠨᠠᠶ᠋ᠮᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ | ᠬᠤᠭᠤᠴᠠᠭ᠎ᠠ ᠨᠢ 5 ᠵᠢᠯ ᠪᠣᠯᠤᠨ᠎ᠠ᠃ |