ᠮᠠᠨ ᠤ ᠲᠤᠭᠤᠷᠢᠭ ᠤᠨ ᠭᠤᠷᠪᠠᠨ ᠠᠵᠤ ᠠᠬᠤᠶᠢᠯᠠᠯ ︽ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ ᠦᠨᠡᠯᠡᠭᠳᠡᠪᠡ᠃
ᠨᠡᠶᠢᠲᠡᠯᠡᠭᠰᠡᠨ ᠴᠠᠭ᠄
2024/8/1
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠳᠤ ᠥᠷᠨᠢᠭᠦᠯᠦᠭᠰᠡᠨ 2024 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢ ᠮᠠᠭᠠᠳᠯᠠᠨ ᠲᠣᠭᠲᠠᠭᠠᠬᠤ ᠠᠵᠢᠯ ᠳᠤᠮᠳᠠ᠂ ᠮᠠᠨ ᠤ ᠣᠷᠣᠨ ᠤ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠤᠮᠠᠷᠠᠲᠤ ᠶᠢᠨ ᠬᠤᠪᠣᠷ ᠰᠢᠷᠣᠶ ᠶᠢᠨ ᠫᠢᠩ ᠶᠤᠸᠠᠨ ︵ᠥᠪᠥᠷ ᠮᠣᠩᠭᠤᠯ︶ ᠬᠥᠩᠭᠡᠨ ᠴᠠᠭᠠᠨ ᠤ ᠮᠠᠭᠨᠢ ᠶᠢᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ ᠢᠦᠶ ᠲᠦᠩ ᠠᠷᠠᠯᠵᠢᠶᠠᠨ ᠤ ᠬᠢᠵᠠᠭᠠᠷᠲᠤ ᠺᠣᠮᠫᠠᠨᠢ ᠵᠡᠷᠭᠡ ᠭᠤᠷᠪᠠᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢᠶᠠᠷ ᠦᠨᠡᠯᠡᠭᠳᠡᠪᠡ᠃    ᠡᠨᠡ ᠵᠢᠯ ᠠᠴᠠ ᠨᠠᠰᠢ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠪᠣᠯᠤᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠪᠥᠬᠦ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    ᠬᠤᠶᠢᠰᠢᠳᠠ ᠶᠢᠨ ᠠᠵᠢᠯ ᠤᠨ ᠳᠤᠮᠳᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠦᠨᠡᠨᠴᠢ ᠢᠲᠡᠭᠡᠮᠵᠢ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠣᠨᠣᠯᠵᠢᠬᠤᠨ ᠢ ᠤᠬᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠪᠠᠲᠤ ᠪᠠᠬᠢ ᠲᠤᠭ᠎ᠠ ᠪᠦᠷᠢᠳᠬᠡᠯ ᠤᠨ ᠬᠦᠴᠦᠨ ᠴᠢᠳᠠᠯ ᠬᠠᠩᠭᠠᠨ᠎ᠠ᠃
 
ᠢᠷᠡᠯᠲᠡ᠄ ᠲᠤᠭ᠎ᠠ ᠪᠦᠷᠢᠳᠭᠡᠯ ᠦᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1